ᠤᠪᠤᠭᠠᠨ‌‍ᠲ᠋ᠠᠬᠢᠯᠭ᠎ᠠ ᠶᠢᠨ ᠬᠤᠪᠢᠷᠠᠯ
2017-07-05 10:26:58 ᠠᠴᠢᠲᠠᠢ
ᠪᠥᠭᠦᠳᠡ ᠨᠡᠢᠢᠷᠠᠮᠳᠠᠬᠤ ᠳᠤᠮᠳᠠᠲᠤ ᠠᠷᠠᠳ ᠤᠯᠤᠰ᠂ ᠤᠪᠤᠭᠠᠨ ᠰᠤᠶᠤᠯ
ᠦᠵᠡᠭᠰᠡᠨ ᠲᠤᠭ᠎ᠠ: 775

ᠲᠠᠬᠢᠯᠭ᠎ᠠ ᠶᠢᠨ ᠬᠤᠪᠢᠷᠠᠯ ︵Ritual Changes︶ ᠭᠡᠳᠡᠭ ᠨᠢ ᠣᠪᠣᠭᠠᠨ ᠲᠠᠬᠢᠯᠭ᠎ᠠ ᠶᠢᠨ ᠠᠯᠬᠤᠮ ᠳᠠᠷᠠᠭ᠎ᠠ ᠨᠢ ᠬᠤᠪᠢᠷᠠᠵᠤ ᠥᠭᠡᠷᠡᠴᠢᠯᠡᠭᠳᠡᠬᠦ ᠪᠤᠶᠤ ᠥᠭᠡᠷ᠎ᠡ ᠪᠤᠰᠤᠳ ᠰᠢᠨ᠎ᠡ ᠡᠯᠧᠮᠧᠨ᠋ᠲ ᠨᠡᠮᠡᠭᠳᠡᠬᠦ ᠠᠴᠠ ᠪᠣᠯᠵᠤ ᠤᠤᠯ ᠤᠨ ᠵᠠᠩ ᠵᠤᠷᠰᠢᠯ ᠨᠢ ᠬᠤᠪᠢᠷᠠᠬᠤ ᠶᠢ ᠬᠡᠯᠡᠨ᠎ᠡ ᠃ ᠦᠵᠦᠮᠦᠴᠢᠨ ᠨᠤᠲᠤᠭ ᠲᠤ ᠪᠠᠶᠢᠭ᠎ᠠ ᠵᠠᠷᠢᠮ ᠲᠠᠬᠢᠯᠭ᠎ᠠ ᠶᠢᠨ ᠬᠡᠪᠴᠢᠶ᠎ᠡ ᠪᠠᠷ ᠪᠠᠭ᠎ᠠ ᠣᠪᠣᠭᠠᠨ ᠳᠤ ᠣᠪᠣᠭᠠᠨ ᠳᠠᠭᠠᠭᠠᠮᠠᠯ ᠪᠣᠯᠬᠤ ᠬᠥᠮᠥᠨ ᠬᠤᠪᠣᠷᠳᠠᠭᠰᠠᠨ ᠠᠴᠠ ᠲᠤᠬᠠᠢ ᠶᠢᠨ ᠣᠪᠣᠭᠠᠨ ᠤ ᠲᠠᠬᠢᠯᠭ᠎ᠠ ᠨᠢ ᠲᠠᠰᠤᠯᠤᠭᠳᠠᠬᠤ ᠪᠤᠶᠤ ᠵᠣᠭᠰᠤᠩᠭᠤᠶᠢᠷᠠᠬᠤ ᠦᠵᠡᠭᠳᠡᠯ ᠭᠠᠷᠴᠤ ᠪᠠᠶᠢᠨ᠎ᠠ ᠃ ᠤᠴᠢᠷ ᠨᠢ ᠮᠣᠩᠭᠤᠯ ᠨᠤᠲᠤᠭ ᠤᠳ ᠢᠶᠠᠷ ᠪᠠᠶᠢᠭ᠎ᠠ ᠣᠯᠠᠩᠬᠢ ᠣᠪᠣᠭ᠎ᠠ ᠶᠢ ᠲᠤᠬᠠᠢ ᠶᠢᠨ ᠨᠤᠲᠤᠭ ᠤᠨ ᠬᠢᠨᠢ ᠠᠷᠠᠳ ᠲᠦᠮᠡᠨ ᠰᠠᠶᠢᠨ ᠳᠤᠷ᠎ᠠ ᠠᠴᠠ ᠪᠠᠨ ᠣᠪᠣᠭᠠᠨ ᠳᠠᠭᠠᠭᠠᠮᠠᠯ ᠪᠣᠯᠵᠤ ᠂ ᠣᠪᠣᠭ᠎ᠠ ᠶᠢ ᠵᠠᠰᠠᠨ ᠰᠡᠷᠭᠦᠭᠡᠬᠦ ᠂ ᠣᠪᠣᠭᠠᠨ ᠲᠠᠬᠢᠯᠭ᠎ᠠ ᠶᠢ ᠡᠷᠬᠢᠯᠡᠬᠦ ᠂ ᠣᠪᠣᠭᠠᠨ ᠨᠠᠶᠢᠷ ᠢ ᠡᠷᠬᠢᠯᠡᠬᠦ ᠵᠡᠷᠭᠡ ᠠᠵᠢᠯ ᠤᠳ ᠢ ᠡᠭᠦᠷᠭᠡᠯᠡᠨ ᠭᠦᠢᠴᠡᠳᠬᠡᠳᠡᠭ ᠃ ᠣᠪᠣᠭ᠎ᠠ ᠵᠠᠰᠠᠬᠤ ᠂ ᠣᠪᠣᠭ᠎ᠠ ᠳᠠᠬᠢᠬᠤ ᠂ ᠣᠪᠣᠭᠠᠨ ᠨᠠᠶᠢᠷ ᠤᠨ ᠡᠯ᠎ᠡ ᠵᠠᠷᠤᠳᠠᠯ ᠢ ᠣᠪᠣᠭᠠᠨ ᠳᠠᠭᠠᠭᠠᠮᠠᠯ ᠪᠣᠯᠣᠭᠰᠠᠨ ᠬᠥᠮᠥᠰ ᠬᠠᠷᠢᠭᠤᠴᠠᠳᠠᠭ ᠪᠣᠯᠬᠤᠷ ᠪᠠᠭ᠎ᠠ ᠪᠤᠰᠤ ᠠᠵᠤ ᠠᠬᠤᠢ ᠶᠢᠨ ᠵᠠᠷᠤᠳᠠᠯ ᠬᠡᠷᠡᠭᠰᠡᠳᠡᠭ ᠃ ᠡᠶᠢᠮᠦ ᠠᠴᠠ ᠣᠪᠣᠭᠠᠨ ᠳᠠᠭᠠᠭᠠᠮᠠᠯ ᠢ ᠣᠯᠠᠩᠬᠢ ᠳᠠᠭᠠᠨ ᠵᠣᠬᠢᠬᠤ ᠬᠡᠮᠵᠢᠶᠡᠨ ᠤ ᠮᠠᠯ ᠬᠥᠷᠥᠩᠭᠡ ᠲᠠᠢ ᠬᠥᠮᠥᠨ ᠬᠠᠷᠢᠭᠤᠴᠠᠨ ᠭᠦᠢᠴᠡᠳᠬᠡᠳᠡᠭ ᠃ ᠭᠡᠲᠡᠯ᠎ᠡ ᠲᠠᠬᠢᠯᠭ᠎ᠠ ᠶᠢᠨ ᠬᠡᠪᠴᠢᠶ᠎ᠡ ᠪᠠᠷ ᠪᠠᠭ᠎ᠠ ᠣᠪᠣᠭᠠᠨ ᠳᠤ ᠣᠪᠣᠭᠠᠨ ᠳᠠᠭᠠᠭᠠᠮᠠᠯ ᠪᠣᠯᠬᠤ ᠬᠥᠮᠥᠨ ᠬᠤᠪᠣᠷᠳᠠᠵᠤ ᠪᠠᠶᠢᠭ᠎ᠠ ᠨᠢ ᠨᠢᠭᠡ ᠲᠠᠯ᠎ᠠ ᠪᠠᠷ ᠵᠠᠷᠢᠮ ᠨᠤᠲᠤᠭ ᠤᠨ ᠠᠷᠠᠳ ᠤᠨ ᠠᠮᠢᠳᠤᠷᠠᠯ ᠤᠤᠯ ᠠᠴᠠ ᠪᠠᠨ ᠮᠠᠭᠤᠳᠠᠭᠰᠠᠨ ᠢ ᠬᠠᠷᠠᠭᠤᠯᠵᠤ ᠂ ᠨᠥᠭᠦᠭᠡ ᠲᠠᠯ᠎ᠠ ᠪᠠᠷ ᠣᠳᠣ ᠴᠠᠭ ᠲᠤ ᠣᠪᠣᠭᠠᠨ ᠲᠠᠬᠢᠯᠭ᠎ᠠ ᠮᠡᠲᠦ ᠶᠢᠨ ᠵᠠᠷᠢᠮ ᠤᠯᠠᠮᠵᠢᠯᠠᠯᠲᠤ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠢ ᠵᠥᠪᠬᠡᠨ ᠠᠷᠠᠳ ᠤᠨ ᠴᠢᠷᠠᠢ ᠶᠢ ᠬᠠᠷᠠᠵᠤ ᠬᠠᠮᠠᠭᠠᠯᠠᠵᠤ ᠬᠥᠭᠵᠢᠭᠦᠯᠬᠦ ᠶᠢᠨ ᠬᠢᠵᠠᠭᠠᠷᠳᠠᠮᠠᠯ ᠴᠢᠨᠠᠷ ᠢ ᠬᠠᠷᠠᠭᠤᠯᠵᠤ ᠪᠠᠶᠢᠭ᠎ᠠ ᠶᠤᠮ ᠃ ᠶᠠᠮᠠᠷ ᠨᠢᠭᠡᠨ ᠣᠪᠣᠭᠠᠨ ᠳᠤ ᠣᠪᠣᠭᠠᠨ ᠳᠠᠭᠠᠭᠠᠮᠠᠯ ᠦᠭᠡᠢ ᠪᠣᠯᠣᠭᠰᠠᠭᠠᠷ ᠲᠤᠬᠠᠢ ᠶᠢᠨ ᠣᠪᠣᠭᠠᠨ ᠤ ᠲᠠᠬᠢᠯᠭ᠎ᠠ ᠨᠢ ᠵᠣᠭᠰᠤᠩᠭᠤᠶᠢᠷᠠᠬᠤ ᠪᠠᠷ ᠪᠠᠷᠠᠬᠤ ᠦᠭᠡᠢ ᠨᠤᠷᠠᠵᠤ ᠲᠠᠮᠲᠤᠷᠠᠬᠤ ᠠᠶᠤᠯ ᠲᠠᠢ ᠶᠤᠮ ᠃

ᠣᠳᠣ ᠶᠢᠨ ᠵᠠᠷᠢᠮ ᠣᠪᠣᠭᠠᠨ ᠲᠠᠬᠢᠯᠭ᠎ᠠ ᠳᠡᠭᠡᠷ᠎ᠡ ᠣᠪᠣᠭᠠᠨ ᠲᠠᠬᠢᠯᠭ᠎ᠠ ᠶᠢᠨ ᠠᠭᠤᠯᠭ᠎ᠠ ᠲᠠᠢ ᠶᠠᠮᠠᠷ ᠴᠦ ᠬᠠᠷᠢᠴᠠᠭ᠎ᠠ ᠬᠤᠯᠪᠣᠭ᠎ᠠ ᠦᠭᠡᠢ ᠵᠠᠷᠢᠮ ᠠᠭᠤᠯᠭ᠎ᠠ ᠨᠡᠮᠡᠭᠳᠡᠵᠦ ᠪᠣᠢ ᠃ ᠵᠢᠱᠢᠶᠡᠯᠡᠪᠡᠯ ᠂ 2004 ᠣᠨ ᠤ 5 ᠰᠠᠷ᠎ᠠ ᠶᠢᠨ 13 ᠳᠤ ᠶᠠᠪᠤᠭᠳᠠᠭᠰᠠᠨ ᠰᠢᠯᠢ ᠶᠢᠨ ᠬᠤᠲᠠ ᠶᠢᠨ ᠡᠷᠳᠡᠨᠢ ᠣᠪᠣᠭᠠᠨ ᠲᠠᠬᠢᠯᠭ᠎ᠠ ᠶᠢᠨ ᠦᠶᠡᠰ ᠂ ᠣᠪᠣᠭᠠᠨ ᠤ ᠳᠡᠷᠭᠡᠳᠡ ᠬᠤᠷᠢ ᠭᠠᠷᠤᠢ ᠡᠷᠡᠭᠲᠡᠢ ᠡᠮᠡᠭᠲᠡᠢ ᠤᠷᠠᠯᠢᠭᠴᠢᠳ ᠪᠥᠵᠢᠭ ᠤᠨ ᠲᠣᠭᠯᠠᠯᠲᠠ ᠭᠠᠷᠭᠠᠵᠤ ᠪᠠᠶᠢᠪᠠ ᠃ ᠡᠶᠢᠮᠦᠷᠬᠦᠦ ᠦᠵᠡᠭᠳᠡᠯ ᠨᠢ ᠣᠪᠣᠭᠠᠨ ᠤ ᠤᠯᠠᠮᠵᠢᠯᠠᠯ ᠯᠤᠭ᠎ᠠ ᠲᠡᠷᠰᠯᠡᠬᠦ ᠪᠤᠶᠤ ᠬᠠᠷᠰᠢᠯᠳᠤᠬᠤ ᠠᠭᠤᠯᠭ᠎ᠠ ᠪᠣᠯᠬᠤ ᠶᠤᠮ ᠃ ᠭᠡᠲᠡᠯ᠎ᠡ ᠵᠤᠭᠠᠴᠠᠯ ᠪᠤᠶᠤ ᠠᠵᠤ ᠠᠬᠤᠢ ᠶᠢᠨ ᠤᠷᠤᠰᠬᠠᠯ ᠢ ᠳᠠᠭᠠᠯᠳᠤᠨ ᠬᠤᠲᠠ ᠪᠤᠶᠤ ᠲᠣᠰᠬᠤᠨ ᠤ ᠣᠶᠢᠷᠠᠯᠴᠠᠭ᠎ᠠ ᠪᠠᠶᠢᠭ᠎ᠠ ᠣᠪᠣᠭᠠᠨ ᠲᠠᠬᠢᠯᠭ᠎ᠠ ᠳᠤ ᠡᠶᠢᠮᠦᠷᠬᠦᠦ ᠣᠪᠣᠭᠠᠨ ᠲᠠᠬᠢᠯᠭ᠎ᠠ ᠶᠢᠨ ᠤᠤᠯ ᠤᠨ ᠦᠨᠦᠷ ᠠᠮᠲᠠ ᠠᠴᠠ ᠥᠭᠡᠷ᠎ᠡ ᠥᠩᠭᠡ ᠪᠣᠳᠤᠭ ᠬᠤᠯᠢᠯᠳᠤᠨ ᠣᠷᠣᠬᠤ ᠪᠣᠯᠣᠭᠰᠠᠨ ᠨᠢ ᠣᠪᠣᠭᠠᠨ ᠲᠠᠬᠢᠯᠭ᠎ᠠ ᠶᠢᠨ ᠤᠤᠯ ᠤᠨ ᠠᠷᠢᠭᠤᠨ ᠳᠠᠷᠬᠠᠨ ᠰᠢᠨᠵᠢ ᠳᠤ ᠬᠤᠪᠢᠷᠠᠯᠲᠠ ᠭᠠᠷᠴᠤ ᠪᠠᠶᠢᠭ᠎ᠠ ᠶᠢ ᠬᠠᠷᠠᠭᠤᠯᠵᠤ ᠪᠠᠶᠢᠭ᠎ᠠ ᠶᠤᠮ ᠃ ᠡᠨᠡ ᠨᠢ ᠮᠥᠨ ᠴᠦ ᠤᠯᠠᠮᠵᠢᠯᠠᠯᠲᠤ ᠰᠣᠶᠣᠯ ᠢᠶᠠᠷ ᠪᠠᠭ ᠪᠣᠯᠭᠠᠵᠤ ᠠᠵᠤ ᠠᠬᠤᠢ ᠶᠢᠨ ᠦᠷ᠎ᠡ ᠠᠰᠢᠭ ᠢ ᠥᠷᠥᠭᠡᠰᠦᠭᠡᠯ ᠢᠶᠠᠷ ᠬᠥᠭᠡᠭᠡᠴᠡᠯᠳᠦᠭᠰᠡᠨ ᠣᠳᠣ ᠴᠠᠭ ᠤᠨ ᠬᠥᠮᠥᠰ ᠤᠨ ᠥᠷᠲᠡᠭ ᠤᠨ ᠤᠬᠠᠮᠰᠠᠷ ᠢ ᠨᠢᠭᠡᠨ ᠶᠣᠰᠣ ᠪᠠᠷ ᠦᠵᠡᠭᠦᠯᠵᠦ ᠪᠠᠶᠢᠭ᠎ᠠ ᠶᠤᠮ ᠃

ᠣᠪᠣᠭ᠎ᠠ ᠪᠣᠯ ᠣᠪᠣᠭᠠᠨ ᠲᠠᠬᠢᠯᠭ᠎ᠠ ᠶᠢᠨ ᠡᠳᠦᠷ ᠡᠵᠡᠳ ᠰᠠᠬᠢᠭᠤᠰᠤ ᠶᠢᠨ ᠬᠤᠷᠠᠨ ᠴᠤᠭᠯᠠᠷᠠᠳᠠᠭ ᠠᠷᠢᠭᠤᠨ ᠳᠠᠷᠬᠠᠨ ᠭᠠᠵᠠᠷ ᠶᠤᠮ ᠃ ᠶᠠᠮᠠᠷ ᠬᠥᠮᠥᠨ ᠂ ᠶᠠᠮᠠᠷ ᠵᠣᠷᠢᠯᠭ᠎ᠠ ᠲᠠᠢ ᠬᠥᠮᠥᠨ ᠣᠪᠣᠭᠠᠨ ᠲᠠᠬᠢᠯᠭ᠎ᠠ ᠳᠤ ᠣᠷᠣᠯᠴᠠᠬᠤ ᠨᠢ ᠲᠣᠭᠲᠠᠭᠰᠠᠨ ᠵᠤᠷᠰᠢᠯ ᠲᠠᠢ ᠪᠠᠶᠢᠳᠠᠭ ᠃ ᠭᠡᠲᠡᠯ᠎ᠡ ᠣᠳᠣ ᠶᠢᠨ ᠬᠤᠲᠠ ᠲᠣᠰᠬᠤᠨ ᠤ ᠣᠶᠢᠷᠠᠯᠴᠠᠭ᠎ᠠ ᠪᠠᠶᠢᠭ᠎ᠠ ᠣᠪᠣᠭ᠎ᠠ ᠪᠤᠶᠤ ᠵᠤᠭᠠᠴᠠᠯ ᠤᠨ ᠭᠠᠵᠠᠷ ᠪᠣᠰᠬᠠᠭᠰᠠᠨ ᠣᠪᠣᠭᠠᠨ ᠳᠡᠭᠡᠷ᠎ᠡ ᠡᠷᠡᠭᠲᠡᠢ ᠡᠮᠡᠭᠲᠡᠢ ᠢᠯᠭᠠᠯ ᠦᠭᠡᠢ ᠂ ᠡᠨᠡ ᠲᠡᠷᠡ ᠦᠨᠳᠦᠰᠦᠲᠡᠨ ᠢ ᠬᠠᠮᠢᠶᠠᠷᠤᠯ ᠦᠭᠡᠢ ᠪᠠᠷᠤᠭ ᠯᠡ ᠬᠥᠯ ᠲᠠᠢ ᠪᠦᠬᠦᠨ ᠣᠪᠣᠭᠠᠨ ᠳᠡᠭᠡᠷ᠎ᠡ ᠭᠠᠷᠴᠤ ᠲᠣᠯᠣᠭᠠᠢ ᠲᠠᠢ ᠪᠣᠯᠭᠠᠨ ᠣᠪᠣᠭᠠᠨ ᠳᠤ ᠮᠥᠷᠭᠦᠬᠦ ᠬᠠᠨᠳᠤᠰᠢ ᠲᠠᠢ ᠪᠣᠯᠵᠤ ᠪᠠᠶᠢᠨ᠎ᠠ ᠃ ᠡᠨᠡ ᠨᠢ ᠣᠪᠣᠭ᠎ᠠ ᠪᠣᠯᠣᠨ ᠣᠪᠣᠭᠠᠨ ᠲᠠᠬᠢᠯᠭ᠎ᠠ ᠶᠢᠨ ᠡᠭᠡᠯᠵᠢᠯᠲᠡ ︵Secularize︶ ᠶᠢ ᠬᠠᠷᠠᠭᠤᠯᠵᠤ ᠪᠠᠶᠢᠭ᠎ᠠ ᠶᠤᠮ ᠃ ᠶᠠᠮᠠᠷ ᠨᠢᠭᠡᠨ ᠡᠷᠬᠡ ᠰᠦᠷ ᠲᠠᠢ ᠠᠷᠢᠭᠤᠨ ᠳᠠᠷᠬᠠᠨ ᠰᠢᠲᠦᠭᠡᠨ ᠵᠦᠢᠯᠡᠰ ᠨᠢ ᠡᠭᠡᠯ ᠶᠡᠷᠦᠮᠳᠡᠭ ᠪᠣᠯᠵᠤ ᠂ ᠬᠦᠷᠦᠯᠴᠡᠨ ᠢᠷᠡᠭᠰᠡᠨ ᠪᠦᠬᠦᠨ ᠨᠢ ᠡᠷᠬᠡ ᠲᠡᠭᠰᠢ ᠪᠠᠷ ︽ᠣᠶᠣᠨ ᠤ ᠬᠦᠰᠡᠯ︾ ᠤᠨ ᠲᠠᠶᠢᠳᠬᠤᠷᠠᠯ ᠣᠯᠳᠠᠭ ᠰᠠᠶᠢᠨ ᠲᠠᠯ᠎ᠠ ᠲᠠᠢ ᠪᠣᠯᠪᠠᠴᠤ ᠂ ᠠᠷᠢᠭᠤᠨ ᠳᠠᠷᠬᠠᠨ ᠰᠢᠲᠦᠭᠡᠨ ᠨᠢ ᠬᠡᠲᠦᠷᠬᠡᠢ ︽ᠡᠭᠡᠯ ᠶᠡᠷᠦᠮᠳᠡᠭ ᠪᠣᠯᠬᠤ︾ ᠠᠴᠠ ᠪᠣᠯᠵᠤ ᠲᠡᠭᠦᠨ ᠤ ᠲᠤᠬᠠᠢ ᠴᠡᠭᠡᠷ ᠬᠤᠷᠢᠭ᠎ᠠ ᠪᠤᠶᠤ ᠠᠷᠢᠭᠤᠨ ᠳᠠᠷᠬᠠᠨ ᠰᠢᠳᠢ ᠬᠦᠴᠦᠨ ᠨᠢ ᠠᠯᠳᠠᠷᠠᠬᠤ ᠬᠠᠨᠳᠤᠰᠢ ᠲᠠᠢ ᠪᠣᠯᠬᠤ ᠵᠡᠷᠭᠡ ᠵᠣᠬᠢᠮᠵᠢ ᠦᠭᠡᠢ ᠠᠰᠠᠭᠤᠳᠠᠯ ᠡᠭᠦᠰᠬᠦ ᠪᠣᠯᠣᠮᠵᠢ ᠲᠠᠢ ᠪᠠᠶᠢᠳᠠᠭ ᠃ ᠵᠢᠱᠢᠶᠡᠯᠡᠪᠡᠯ ᠂ ᠣᠪᠣᠭᠠᠨ ᠲᠠᠬᠢᠯᠭ᠎ᠠ ᠶᠢᠨ ᠡᠳᠦᠷ ᠂ ᠠᠷᠠᠳ ᠤᠨ ᠣᠪᠣᠭᠠᠨ ᠳᠤ ᠡᠷᠭᠦᠭᠰᠡᠨ ᠡᠷᠭᠦᠯ ᠤᠨ ᠪᠣᠳᠠᠰ ᠢ ᠥᠭᠡᠷ᠎ᠡ ᠦᠨᠳᠦᠰᠦᠲᠡᠨ ᠤ ᠬᠥᠮᠥᠨ ᠲᠡᠷᠭᠡ ᠪᠠᠷ ᠲᠡᠭᠡᠭᠡᠵᠦ ᠠᠪᠠᠴᠢᠬᠤ ᠂ ᠣᠪᠣᠭᠠᠨ ᠳᠤ ᠡᠷᠭᠦᠭᠰᠡᠨ ᠪᠦᠬᠦᠯᠢ ᠰᠢᠭᠦᠰᠦ ᠶᠢ ᠪᠤᠯᠢᠶᠠᠯᠳᠤᠨ ᠠᠪᠬᠤ ᠂ ᠣᠪᠣᠭᠠᠨ ᠤ ᠳᠡᠷᠭᠡᠳᠡ ᠲᠠᠮᠠᠬᠢ ᠲᠠᠲᠠᠬᠤ ᠂ ᠣᠪᠣᠭᠠᠨ ᠤ ᠡᠮᠦᠨᠡᠬᠢ ᠰᠢᠷᠡᠭᠡᠨ ᠳᠡᠭᠡᠷ᠎ᠡ ᠰᠠᠭᠤᠬᠤ ᠮᠡᠲᠦ ᠶᠢᠨ ᠲᠥᠪ ᠪᠤᠰᠤ ᠦᠵᠡᠭᠳᠡᠯ ᠮᠢᠨᠤ ᠬᠡᠭᠡᠷ᠎ᠡ ᠶᠢᠨ ᠰᠢᠨᠵᠢᠯᠡᠭᠡᠨ ᠳᠤ ᠣᠯᠠᠨ ᠤᠳᠠᠭ᠎ᠠ ᠲᠠᠭᠠᠷᠠᠯᠳᠤᠭᠰᠠᠨ ᠶᠤᠮ ᠃ ᠡᠳᠡᠭᠡᠷ ᠦᠵᠡᠭᠳᠡᠯ ᠨᠢ ᠴᠥᠮ ᠳᠠᠶᠠᠭᠠᠷᠵᠢᠵᠤ ᠪᠠᠶᠢᠭ᠎ᠠ ᠡᠨᠡ ᠡᠷᠢᠨ ᠳᠤ ᠣᠪᠣᠭᠠᠨ ᠰᠣᠶᠣᠯ ᠤᠨ ᠡᠷᠡᠭᠦᠯ ᠢᠶᠠᠷ ᠬᠥᠭᠵᠢᠬᠦ ᠂ ᠣᠪᠣᠭᠠᠨ ᠰᠣᠶᠣᠯ ᠢ ᠬᠠᠷᠢ ᠶᠢᠨ ᠬᠥᠮᠥᠰ ᠲᠤ ᠵᠦᠢ ᠵᠣᠬᠢᠰᠲᠠᠢ ᠤᠬᠠᠭᠤᠯᠵᠤ ᠲᠠᠨᠢᠭᠤᠯᠬᠤ ᠶᠠᠪᠤᠳᠠᠯ ᠢ ᠵᠣᠬᠢᠬᠤ ᠬᠡᠮᠵᠢᠶ᠎ᠡ ᠪᠠᠷ ᠬᠠᠷᠰᠢᠯᠠᠵᠤ ᠪᠠᠶᠢᠨ᠎ᠠ ᠃

2017-07-05 10:26:58         中华人民共和国敖包文化     浏览量:775
2017-07-05 10:26:58     A Qitai     ChinaBoo culture    Pageviews:775
2017-07-05 10:26:58     Ачтай     Хятад улсBoo Соёл    Pageviews:775
上一篇:
下一篇:
ᠯᠠᠪᠯᠠᠯᠲᠠ ᠪᠣᠯᠭᠠᠮᠤ 相关资料仅供参考Зөвхөн лавлалт болгому Reference
申请链接
暂无相关参考!
手机号:
验证码:

标题:
电话:
备注:
×
ᠬᠠᠷᠢᠯᠴᠠᠬᠤ ᠤᠲᠠᠰᠤ 联系电话:
18516170412(巴总)
13354896038(包总)
ᠸᠢᠴᠠᠲ 扫描二维码
蒙ICP备15000708号-1  阿启泰科技版权所有   
×