ᠴᠡᠭ ᠰᠤᠳᠤᠯᠭᠠᠨ ᠤ ᠭᠠᠵᠠᠷ ᠤᠨ ᠲᠤᠬᠠᠢ
2017-07-05 15:38:54 ᠠᠴᠢᠲᠠᠢ
ᠪᠥᠭᠦᠳᠡ ᠨᠡᠢᠢᠷᠠᠮᠳᠠᠬᠤ ᠳᠤᠮᠳᠠᠲᠤ ᠠᠷᠠᠳ ᠤᠯᠤᠰ᠂ ᠦᠨᠳᠦᠰᠦᠲᠡᠨ
ᠦᠵᠡᠭᠰᠡᠨ ᠲᠤᠭ᠎ᠠ: 845

ᠨᠢᠭᠡ ᠨᠡᠭᠦᠳᠡᠯ ᠰᠣᠶᠣᠯ ᠤᠨ ᠬᠤᠷ ᠭᠤᠯᠣᠮᠲᠠ

ᠦᠵᠦᠮᠦᠴᠢᠨ ᠨᠤᠲᠤᠭ ᠪᠣᠯ ᠰᠢᠯᠢ ᠶᠢᠨ ᠭᠤᠣᠯ ᠠᠶᠢᠮᠠᠭ ᠤᠨ ᠵᠡᠭᠦᠨ ᠪᠡᠶ᠎ᠡ ᠪᠠᠷ ᠪᠠᠶᠢᠷᠢᠯᠠᠵᠤ ᠵᠡᠭᠦᠨ ᠪᠠᠷᠠᠭᠤᠨ ᠬᠤᠶᠠᠷ ᠬᠤᠰᠢᠭᠤᠨ ᠳᠤ ᠬᠤᠪᠢᠶᠠᠭᠳᠠᠵᠤ ᠪᠠᠶᠢᠳᠠᠭ  ᠃ ᠬᠤᠰᠢᠭᠤ ᠭᠡᠳᠡᠭ ᠨᠡᠷᠡᠶᠢᠳᠦᠯ ᠪᠣᠯ ᠴᠢᠩ ᠤᠯᠤᠰ ᠤᠨ ᠦᠶ᠎ᠡ ᠳᠤ ᠮᠣᠩᠭᠤᠯ ᠣᠷᠣᠨ ᠳᠤ ᠬᠡᠷᠡᠭᠵᠢᠭᠦᠯᠦᠭᠰᠡᠨ ᠵᠠᠰᠠᠭ ᠵᠠᠬᠢᠷᠭᠠᠨ ᠤ ᠨᠢᠭᠡᠴᠢ ᠪᠣᠯᠣᠨ᠎ᠠ ᠃ ᠪᠠᠷᠠᠭᠤᠨ ᠦᠵᠦᠮᠦᠴᠢᠨ ᠬᠤᠰᠢᠭᠤ ᠨᠢ ᠬᠤᠶᠢᠲᠤ ᠥᠷᠭᠡᠷᠢᠭ ᠤᠨ 43.57"~ 45.23" ᠂ ᠵᠡᠭᠦᠨ ᠤᠷᠲᠤᠷᠢᠭ ᠤᠨ 116.21"~119.31"  ᠂ ᠳᠠᠯᠠᠢ ᠶᠢᠨ ᠲᠦᠪᠰᠢᠨ ᠠᠴᠠ 1,957m ᠡᠷᠭᠦᠭᠳᠡᠭᠰᠡᠨ ᠭᠠᠵᠠᠷ ᠲᠤ ᠪᠠᠶᠢᠷᠢᠯᠠᠵᠤ ᠪᠠᠶᠢᠳᠠᠭ ᠃ ᠡᠮᠦᠨ᠎ᠡ ᠬᠤᠶᠢᠰᠢ 145km ᠂ ᠵᠡᠭᠦᠨᠰᠢ ᠪᠠᠷᠠᠭᠤᠨᠰᠢ 250km ᠂ ᠶᠡᠷᠦᠩᠬᠡᠢ ᠲᠠᠯᠠᠪᠠᠢ ᠨᠢ 22,434 ᠳᠥᠷᠪᠡᠯᠵᠢᠨ ᠺᠢᠯᠣᠮᠧᠲᠷ ᠪᠠᠶᠢᠵᠤ ᠥᠪᠥᠷ ᠮᠣᠩᠭᠤᠯ ᠤᠨ ᠴᠥᠭᠡᠨ ᠬᠡᠳᠦᠨ ᠴᠤᠯ ᠮᠠᠯᠵᠢᠬᠤ ᠬᠤᠰᠢᠭᠤᠨ ᠤ ᠨᠢᠭᠡ ᠪᠣᠯᠣᠨ᠎ᠠ ﹇1﹈ ᠃
ᠭᠠᠵᠠᠷ ᠵᠦᠢ ᠶᠢᠨ ᠪᠠᠶᠢᠷᠢᠰᠢᠯ ᠠᠭᠤᠷ ᠠᠮᠢᠰᠬᠤᠯ ᠤᠨ ᠲᠠᠯ᠎ᠠ ᠪᠠᠷ ᠦᠵᠦᠮᠦᠴᠢᠨ ᠨᠤᠲᠤᠭ ᠨᠢ ᠨᠡᠭᠦᠳᠡᠯᠯᠡᠨ ᠮᠠᠯᠵᠢᠬᠤ ᠠᠮᠢᠳᠤᠷᠠᠯ ᠳᠤ ᠲᠣᠬᠢᠷᠠᠭᠰᠠᠨ ᠨᠤᠲᠤᠭ ᠪᠣᠯᠬᠤᠷ ᠨᠡᠭᠦᠳᠡᠯ ᠮᠠᠯᠵᠢᠯ ᠤᠨ ᠲᠤᠬᠠᠢ ᠤᠷᠲᠤ ᠤᠳᠠᠭᠠᠨ ᠲᠡᠦᠬᠡ ᠪᠣᠯᠣᠨ ᠤᠯᠠᠮᠵᠢᠯᠠᠯ ᠲᠠᠢ ᠪᠠᠶᠢᠳᠠᠭ ᠃ ᠦᠵᠦᠮᠦᠴᠢᠨ ᠮᠣᠩᠭᠤᠯᠴᠤᠳ ᠤᠨ ᠪᠦᠷᠢᠯᠳᠦᠯ ᠤᠨ ᠲᠤᠬᠠᠢ ᠮᠢᠶᠠᠸᠠᠺᠢ ᠠᠴᠠ ︽16 ᠳ᠋ᠤᠭᠠᠷ ᠵᠠᠭᠤᠨ ᠤ ᠡᠬᠢᠨ ᠤ ᠦᠶ᠎ᠡ ᠳᠤ ᠳᠠᠶᠠᠨ ᠬᠠᠭᠠᠨ ︵1474-1517︶ ᠮᠣᠩᠭᠤᠯ ᠢ ᠳᠠᠬᠢᠨ ᠨᠢᠭᠡᠳᠬᠡᠵᠦ ᠲᠦᠮᠡᠨ ᠢᠶᠠᠷ ᠨᠢᠭᠡᠴᠢᠯᠡᠭᠰᠡᠨ ᠵᠢᠷᠭᠤᠭᠠᠨ ᠲᠦᠮᠡᠨ ᠮᠣᠩᠭᠤᠯ ᠠᠶᠢᠮᠠᠭ ᠲᠤ ᠬᠤᠪᠢᠶᠠᠨ ᠵᠠᠬᠢᠷᠤᠭᠰᠠᠨ ᠪᠠᠶᠢᠨ᠎ᠠ ᠃ ᠭᠤᠪᠢ ᠶᠢᠨ ᠵᠡᠭᠦᠨ ᠬᠤᠶᠢᠲᠤ ᠶᠢ ︿ᠵᠡᠭᠦᠨ ᠵᠢᠭᠦᠷ﹀ ᠭᠡᠵᠤ ᠭᠤᠪᠢ ᠶᠢᠨ ᠪᠠᠷᠠᠭᠤᠨ ᠡᠮᠦᠨᠡᠬᠢ ᠶᠢ ︿ᠪᠠᠷᠠᠭᠤᠨ ᠵᠢᠭᠦᠷ﹀ ᠭᠡᠵᠤ ᠲᠤᠰ ᠲᠤᠰ ᠵᠡᠭᠦᠨ ᠪᠠᠷᠠᠭᠤᠨ ᠭᠤᠷᠪᠠᠨ ᠲᠦᠮᠡᠨ ᠳᠤ ᠬᠤᠪᠢᠶᠠᠪᠠ︾ ﹇2﹈ ᠭᠡᠵᠤ ᠥᠭᠦᠯᠡᠪᠡ ᠃ ᠯᠢᠭᠳᠡᠨ ᠬᠠᠭᠠᠨ ︵1592-1634︶ ᠤ ᠦᠶ᠎ᠡ ᠳᠤ ᠠᠩᠬ᠎ᠠ ᠤᠳᠠᠭ᠎ᠠ ᠦᠵᠦᠮᠦᠴᠢᠨ ᠠᠶᠢᠮᠠᠭ ᠪᠦᠷᠢᠯᠳᠦᠪᠡ ᠃ ᠮᠢᠩ ᠤᠯᠤᠰ ᠤᠨ ᠦᠶ᠎ᠡ ᠳᠤ ᠦᠵᠦᠮᠦᠴᠢᠨ ᠠᠶᠢᠮᠠᠭ ᠨᠢ ᠵᠡᠭᠦᠨ ᠭᠤᠷᠪᠠᠨ ᠲᠦᠮᠡᠨ ᠤ ᠴᠠᠬᠠᠷ ᠲᠦᠮᠡᠨ ᠳᠤ ᠬᠠᠷᠢᠶᠠᠯᠠᠭᠳᠠᠪᠠ ᠃ ᠴᠠᠬᠠᠷ ᠲᠦᠮᠡᠨ ᠪᠣᠯ ᠬᠤᠪᠢᠯᠠᠢ ᠬᠠᠭᠠᠨ ᠤ ᠳᠡᠭᠦᠦ ᠮᠥᠩᠬᠡ ᠳᠡᠭᠡᠨ ᠵᠠᠬᠢᠷᠤᠭᠤᠯᠤᠭᠰᠠᠨ ᠰᠢ ᠠᠠ ᠤ ᠬᠠᠷᠢᠶᠠᠲᠤ ᠶᠢᠨ ᠬᠤᠶᠢᠴᠢᠰ ᠶᠤᠮ ᠃ ᠴᠠᠬᠠᠷᠴᠤᠳ ᠬᠤᠪᠢᠯᠠᠢ ᠶᠢᠨ ᠡᠬᠡ ᠰᠤᠷᠬᠠᠨᠭᠲᠠᠨᠢ ᠪᠠᠬᠢ ︵1198-1252︶ ᠶᠢᠨ ᠣᠩᠭᠤᠨ ᠢ ᠲᠠᠬᠢᠵᠤ ᠢᠷᠡᠭᠰᠡᠨ ᠪᠥᠭᠡᠳ ᠬᠤᠵᠢᠮ ᠨᠢ ᠳᠠᠶᠠᠨ ᠬᠠᠭᠠᠨ ᠤ ᠬᠠᠷᠢᠶᠠᠲᠤ ᠪᠣᠯᠣᠭᠰᠠᠨ ᠪᠠᠶᠢᠨ᠎ᠠ ᠃ ᠤᠤᠯ ᠨᠢ ᠱᠠᠨᠰᠢ ︵陕西︶ ᠶᠢᠨ ᠬᠤᠶᠢᠲᠤ ᠪᠡᠶ᠎ᠡ ᠪᠠᠷ ᠰᠠᠭᠤᠵᠤ ᠪᠠᠶᠢᠭᠰᠠᠨ ᠢᠶᠠᠨ 15 ᠳ᠋ᠤᠭᠠᠷ ᠵᠠᠭᠤᠨ ᠤ ᠦᠶ᠎ᠡ ᠳᠤ ᠵᠡᠭᠦᠨ ᠬᠤᠶᠢᠰᠢ ᠨᠡᠭᠦᠵᠦ ᠶᠡᠭᠡ ᠬᠢᠩᠭᠠᠨ ᠳᠠᠪᠠᠭᠠᠨ ᠤ ᠪᠠᠷᠠᠭᠤᠨ ᠪᠡᠶ᠎ᠡ ᠣᠳᠣ ᠶᠢᠨ ᠥᠪᠥᠷ ᠮᠣᠩᠭᠤᠯ ᠤᠨ ᠦᠵᠦᠮᠦᠴᠢᠨ ᠤ ᠣᠷᠴᠢᠮ ᠢᠶᠠᠷ ᠨᠡᠭᠦᠳᠡᠯᠯᠡᠨ ᠠᠮᠢᠳᠤᠷᠠᠵᠤ ᠪᠠᠶᠢᠪᠠ ﹇3﹈ ᠃ ᠴᠠᠬᠠᠷ ᠲᠦᠮᠡᠨ ᠳᠤ ᠠᠤᠬᠠᠨ ᠂ ᠨᠠᠢᠮᠠᠨ ᠂ ᠰᠥᠨᠢᠳ ᠂ ᠦᠵᠦᠮᠦᠴᠢᠨ ᠂ ᠵᠦᠢᠳ ᠂ ᠠᠯᠠᠭ ᠂ ᠠᠯᠠᠭᠴᠤᠳ ᠂ ᠬᠠᠭᠤᠴᠢᠳ ᠵᠡᠷᠭᠡ ᠨᠠᠢᠮᠠᠨ ᠣᠲᠤᠭ ᠪᠠᠶᠢᠪᠠ ﹇4﹈ ᠃ ᠳᠠᠶᠠᠨ ᠬᠠᠭᠠᠨ ᠤ ᠬᠠᠷᠢᠶᠠᠨ ᠳᠣᠣᠷᠠᠬᠢ ᠡᠯ᠎ᠡ ᠲᠦᠮᠡᠨ ᠨᠢ ᠡᠳᠦᠢ ᠲᠡᠳᠦᠢ ᠣᠲᠤᠭ ᠢᠶᠠᠷ ᠪᠦᠷᠢᠯᠳᠦᠭᠰᠡᠨ ᠪᠠᠶᠢᠳᠠᠭ ᠃ ᠣᠲᠤᠭ ᠭᠡᠳᠡᠭ ᠨᠡᠷᠡᠶᠢᠳᠦᠯ ᠪᠣᠯ ᠡᠨᠡ ᠦᠶ᠎ᠡ ᠳᠤ ᠡᠭᠦᠰᠦᠭᠰᠡᠨ ᠨᠡᠭᠦᠳᠡᠯᠴᠢᠨ ᠠᠶᠢᠮᠠᠭ ᠤᠨ ᠵᠠᠰᠠᠭ ᠵᠠᠬᠢᠷᠭᠠᠨ ᠤ ᠨᠢᠭᠡᠴᠢ ᠪᠠᠶᠢᠵᠤ ᠮᠢᠩ ᠤᠯᠤᠰ ᠤᠨ ᠲᠡᠦᠬᠡ ᠶᠢᠨ ᠮᠠᠲ᠋ᠧᠷᠢᠶᠠᠯ ᠳᠤ ︿营﹀ ᠭᠡᠵᠤ ᠣᠷᠴᠢᠭᠤᠯᠤᠭᠳᠠᠳᠠᠭ ᠃ ᠣᠲᠤᠭ ᠤᠨ ᠨᠡᠷᠡᠶᠢᠳᠦᠯ ᠳᠤ ᠮᠣᠩᠭᠤᠯ ᠤᠨ ᠡᠵᠡᠨᠲᠦ ᠤᠯᠤᠰ ᠤᠨ ᠦᠶ᠎ᠡ ᠶᠢᠨ ᠣᠪᠣᠭ ᠠᠶᠢᠮᠠᠭ ᠤᠨ ᠨᠡᠷᠡᠶᠢᠳᠦᠯ ᠢᠶᠠᠷ ᠨᠡᠷᠡᠶᠢᠳᠬᠦ ᠦᠵᠡᠭᠳᠡᠯ ᠴᠦ ᠣᠯᠠᠨ ᠪᠠᠶᠢᠳᠠᠭ ﹇5﹈ ᠃ ᠴᠠᠬᠠᠷ ᠲᠦᠮᠡᠨ ᠤ ᠨᠠᠢᠮᠠᠨ ᠣᠲᠤᠭ ᠤᠨ ᠨᠢᠭᠡ ᠳᠤ ᠨᠢ ᠦᠵᠦᠮᠦᠴᠢᠨ ᠣᠲᠤᠭ ᠬᠠᠷᠢᠶᠠᠯᠠᠭᠳᠠᠵᠤ ᠪᠠᠶᠢᠪᠠ ﹇6﹈ ᠃ ᠲᠦᠮᠡᠨ ᠭᠡᠳᠡᠭ ᠨᠡᠷᠡᠶᠢᠳᠦᠯ ᠪᠣᠯ 16 ᠳ᠋ᠤᠭᠠᠷ ᠵᠠᠭᠤᠨ ᠤ ᠦᠶ᠎ᠡ ᠶᠢᠨ ᠮᠣᠩᠭᠤᠯ ᠤᠨ ᠨᠡᠶᠢᠭᠡᠮ ᠤᠨ ᠵᠠᠰᠠᠭ ᠵᠠᠬᠢᠷᠭᠠᠨ ᠤ ᠪᠠᠶᠢᠭᠤᠯᠤᠯ ᠤᠨ ᠨᠢᠭᠡᠴᠢ ᠪᠣᠯᠣᠨ᠎ᠠ ᠃ ᠠᠯᠲᠠᠢ ᠬᠠᠩᠭᠠᠢ ᠶᠢᠨ ᠠᠭᠤᠯᠠᠨ ᠬᠤᠷᠮᠣᠢ ᠪᠠᠷ ᠨᠡᠭᠦᠳᠡᠯ ᠠᠮᠢᠳᠤᠷᠠᠯ ᠬᠢᠵᠦ ᠪᠠᠶᠢᠭᠰᠠᠨ ᠮᠣᠩᠭᠤᠯᠴᠤᠳ ᠡᠮᠦᠨᠡᠰᠢ ᠨᠡᠭᠦᠳᠡᠯᠯᠡᠪᠡ ᠃ ᠥᠨᠥᠳᠥᠷ ᠤᠨ ᠦᠵᠦᠮᠦᠴᠢᠨ ᠠᠶᠢᠮᠠᠭ ᠤᠨ ᠪᠦᠷᠢᠯᠳᠦᠭᠰᠡᠨ ᠶᠠᠪᠤᠴᠠ ᠶᠢᠨ ᠲᠤᠬᠠᠢ ︽ᠮᠣᠩᠭᠤᠯ ᠤᠨ ᠬᠤᠰᠢᠭᠤ ᠨᠤᠲᠤᠭ ᠤᠨ ᠲᠡᠮᠳᠡᠭᠯᠡᠯ︾ ᠳᠤ ︽ᠶᠤᠸᠠᠨ ᠤᠯᠤᠰ ᠤᠨ ᠲᠠᠶᠢᠽᠦ ᠬᠠᠭᠠᠨ ᠤ 16 ᠳ᠋ᠤᠭᠠᠷ ᠦᠶ᠎ᠡ ᠶᠢᠨ ᠠᠴᠢ ᠲᠥᠷᠦᠪᠣᠯᠣᠳ ᠬᠠᠩᠭᠠᠢ ᠠᠭᠤᠯᠠᠨ ᠠᠴᠠ ᠭᠤᠪᠢ ᠶᠢᠨ ᠡᠮᠦᠨ᠎ᠡ ᠨᠡᠭᠦᠵᠦ ᠨᠤᠲᠤᠭᠯᠠᠨ ᠰᠠᠭᠤᠭᠰᠠᠨ ᠪᠥᠭᠡᠳ ᠲᠡᠭᠦᠨ ᠤ ᠬᠥᠪᠡᠭᠦᠨ ᠪᠣᠳᠢ ᠠᠯᠠᠭ ᠵᠠᠯᠭᠠᠮᠵᠢᠯᠠᠪᠠᠢ ᠃ ᠪᠣᠳᠢ ᠠᠯᠠᠭ ᠤᠨ ᠬᠥᠪᠡᠭᠦᠨ ᠣᠩᠭᠤᠨ ᠲᠤᠷᠠᠯ ᠂ ᠲᠡᠷᠡ ᠥᠪᠡᠷ ᠤᠨ ᠠᠶᠢᠮᠠᠭ ᠢᠶᠠᠨ ᠦᠵᠦᠮᠦᠴᠢᠨ ᠬᠡᠮᠡᠨ ᠨᠡᠷᠡᠶᠢᠳᠴᠦᠬᠦᠢ︾ ﹇7﹈ ᠭᠡᠵᠤ ᠲᠡᠮᠳᠡᠭᠯᠡᠭᠰᠡᠨ ᠪᠠᠶᠢᠨ᠎ᠠ ᠃ ᠡᠨᠡ ᠬᠦ ᠲᠡᠮᠳᠡᠭᠯᠡᠯ ᠳᠠᠬᠢ ᠲᠥᠷᠦᠪᠣᠯᠣᠳ ᠪᠣᠯ ᠲᠤᠬᠠᠢ ᠶᠢᠨ ᠦᠶ᠎ᠡ ᠶᠢᠨ ᠮᠣᠩᠭᠤᠯ ᠠᠶᠢᠮᠠᠭ ᠤᠨ ᠳᠠᠬᠢᠨ ᠨᠢᠭᠡᠳᠦᠯ ᠢ ᠪᠡᠶᠡᠯᠡᠭᠦᠯᠦᠭᠰᠡᠨ ᠪᠠᠲᠤᠮᠥ᠋ᠩᠬᠡ ᠳᠠᠶᠠᠨ ᠬᠠᠭᠠᠨ ᠤ ᠶᠡᠭᠡ ᠬᠥᠪᠡᠭᠦᠨ ᠪᠠᠶᠢᠵᠤ ᠡᠴᠢᠭᠡ ᠬᠠᠭᠠᠨ ᠲᠠᠢ ᠪᠠᠨ ᠬᠠᠮᠲᠤ ᠵᠡᠭᠦᠨ ᠭᠤᠷᠪᠠᠨ ᠲᠦᠮᠡᠨ ᠢ ᠵᠠᠬᠢᠷᠤᠨ ᠴᠠᠬᠠᠷ ᠲᠦᠮᠡᠨ ᠢ ᠰᠢᠭᠤᠳ ᠥᠮᠴᠢᠯᠡᠪᠡ ﹇8﹈ ᠃ 1519 ᠣᠨ ᠳᠤ ᠪᠣᠳᠢ ᠠᠯᠠᠭ ᠬᠠᠭᠠᠨ ᠰᠠᠭᠤᠷᠢᠨ ᠳᠤ ᠰᠠᠭᠤᠵᠤ ᠴᠠᠬᠠᠷ ᠲᠦᠮᠡᠨ ᠳᠤ ᠲᠥᠪᠯᠡᠵᠦ ᠦᠵᠦᠮᠦᠴᠢᠨ ᠳᠤ ᠨᠡᠶᠢᠰᠯᠡᠵᠦ ᠰᠢᠭᠤᠳ ᠥᠮᠴᠢᠯᠡᠯ ᠳᠡᠭᠡᠨ ᠦᠵᠦᠮᠦᠴᠢᠨ ᠂ ᠬᠠᠭᠤᠴᠢᠳ ᠂ ᠰᠥᠨᠢᠳ ᠣᠲᠤᠭ ᠢ ᠥᠪᠯᠡᠵᠦ ᠪᠠᠶᠢᠪᠠ ᠃
ᠦᠵᠦᠮᠦᠴᠢᠨ ᠨᠤᠲᠤᠭ ᠪᠣᠯ ᠮᠣᠩᠭᠤᠯᠴᠤᠳ ᠤᠨ ᠤᠯᠠᠮᠵᠢᠯᠠᠯᠲᠤ ᠨᠡᠭᠦᠳᠡᠯ ᠤᠨ ᠮᠠᠯ ᠠᠵᠤ ᠠᠬᠤᠢ ᠶᠢ ᠬᠠᠳᠠᠭᠠᠯᠠᠭᠰᠠᠭᠠᠷ ᠢᠷᠡᠭᠰᠡᠨ ᠥᠪᠥᠷ ᠮᠣᠩᠭᠤᠯ ᠤᠨ ᠴᠥᠭᠡᠨ ᠬᠡᠳᠦᠨ ᠮᠠᠯᠵᠢᠬᠤ ᠭᠠᠵᠠᠷ ᠣᠷᠣᠨ ᠤ ᠨᠢᠭᠡ ᠶᠤᠮ ᠃ 1980 ‍ᠭᠠᠳ ᠣᠨ ᠠᠴᠠ ᠬᠤᠣᠰ ᠳᠠᠭᠠᠭᠠᠴᠢᠯᠠᠯᠲᠠ ᠶᠢᠨ ᠳᠦᠷᠢᠮ ᠢ ᠬᠡᠷᠡᠭᠵᠢᠭᠦᠯᠦᠭᠰᠡᠨ ᠠᠴᠠ ᠬᠤᠶᠢᠰᠢ ᠮᠠᠯᠴᠢᠳ ᠲᠤ ᠨᠤᠲᠤᠭ ᠪᠡᠯᠴᠢᠭᠡᠷ ᠢ ᠬᠤᠪᠢᠶᠠᠭᠰᠠᠨ ᠪᠠᠶᠢᠨ᠎ᠠ ᠃ ᠡᠭᠦᠨ ᠠᠴᠠ ᠪᠣᠯᠵᠤ ᠦᠵᠦᠮᠦᠴᠢᠨ ᠤ ᠮᠠᠯᠴᠢᠳ ᠤᠨ ᠤᠤᠯ ᠤᠨ ᠳᠥᠷᠪᠡᠨ ᠤᠯᠠᠷᠢᠯ ᠢ ᠳᠠᠭᠠᠵᠤ ᠨᠡᠭᠦᠳᠡᠯᠯᠡᠨ ᠮᠠᠯᠵᠢᠬᠤ ᠠᠮᠢᠳᠤᠷᠠᠯ ᠤᠨ ᠬᠡᠯᠪᠡᠷᠢ ᠨᠢ ᠰᠠᠭᠤᠷᠢᠰᠢᠨ ᠮᠠᠯᠵᠢᠬᠤ ᠠᠮᠢᠳᠤᠷᠠᠯ ᠤᠨ ᠬᠡᠯᠪᠡᠷᠢ ᠤᠷᠤᠭᠤ ᠬᠤᠪᠢᠷᠠᠵᠤ ᠡᠬᠢᠯᠡᠪᠡ ᠃ ᠮᠠᠯᠴᠢᠳ ᠥᠪᠡᠷᠰᠡᠳ ᠤᠨ ᠬᠤᠪᠢᠳᠠᠵᠤ ᠠᠪᠤᠭᠰᠠᠨ ᠨᠤᠲᠤᠭ ᠢᠶᠠᠨ ᠲᠣᠣᠷᠯᠠᠬᠤ ᠶᠢᠨ ᠬᠠᠮᠲᠤ ᠵᠣᠬᠢᠮᠵᠢᠲᠠᠢ ᠭᠠᠵᠠᠷ ᠰᠣᠩᠭᠤᠵᠤ ᠫᠧᠩ ᠰᠠᠷᠠᠪᠴᠢ ᠪᠠᠷᠢᠬᠤ ᠵᠡᠷᠭᠡ ᠪᠠᠷ ᠪᠦᠲᠦᠭᠡᠨ ᠪᠠᠶᠢᠭᠤᠯᠤᠯᠲᠠ ᠬᠢᠭᠰᠡᠨ ᠠᠴᠠ ᠲᠣᠭᠲᠠᠮᠠᠯ ᠰᠠᠭᠤᠷᠢᠰᠢᠯ ᠳᠠᠭᠠᠨ ᠮᠠᠯ ᠮᠠᠯᠵᠢᠬᠤ ᠪᠣᠯᠵᠤ ᠤᠤᠯ ᠤᠨ ᠳᠥᠷᠪᠡᠨ ᠤᠯᠠᠷᠢᠯ ᠳᠤ ᠨᠡᠭᠦᠳᠡᠯᠯᠡᠨ ᠮᠠᠯᠵᠢᠵᠤ ᠪᠠᠶᠢᠭᠰᠠᠨ ᠤᠯᠠᠮᠵᠢᠯᠠᠯᠲᠤ ᠨᠡᠭᠦᠳᠡᠯ ᠠᠮᠢᠳᠤᠷᠠᠯ ᠤᠨ ᠬᠡᠯᠪᠡᠷᠢ ᠨᠢ ᠨᠡᠭᠦᠳᠡᠯ ᠮᠠᠯᠵᠢᠯ ᠤᠨ ᠲᠡᠦᠬᠡ ᠶᠢᠨ ᠲᠠᠪᠴᠠᠩ ᠠᠴᠠ ᠪᠠᠷ᠎ᠠ ᠲᠠᠰᠤᠷᠠᠬᠤ ᠵᠦᠭ ᠲᠡᠭᠡᠨ ᠬᠡᠯᠪᠡᠶᠢᠭᠰᠡᠨ ᠪᠠᠶᠢᠨ᠎ᠠ ᠃
ᠮᠣᠩᠭᠤᠯ ᠤᠨ ᠲᠠᠯ᠎ᠠ ᠨᠤᠲᠤᠭ ᠤᠨ ᠠᠮᠢ ᠠᠬᠤᠢ ᠂ ᠤᠰᠤ ᠪᠡᠯᠴᠢᠭᠡᠷ ᠂ ᠤᠷᠭᠤᠮᠠᠯ ᠤᠨ ᠪᠦᠷᠬᠦᠴᠡ ᠂ ᠠᠭᠤᠷ ᠠᠮᠢᠰᠬᠤᠯ ᠤᠨ ᠣᠨᠴᠠᠯᠢᠭ ᠵᠡᠷᠭᠡ ᠠᠴᠠ ᠦᠵᠡᠪᠡᠯ ᠳᠥᠷᠪᠡᠨ ᠤᠯᠠᠷᠢᠯ ᠳᠤ ᠲᠠᠪᠤᠨ ᠬᠤᠰᠢᠭᠤ ᠮᠠᠯ ᠢ ᠬᠠᠷᠢᠭᠤᠯᠵᠤ ᠨᠡᠭᠦᠳᠡᠯᠯᠡᠨ ᠮᠠᠯᠵᠢᠬᠤ ᠠᠮᠢᠳᠤᠷᠠᠯ ᠤᠨ ᠬᠡᠯᠪᠡᠷᠢ ᠨᠢ ᠶᠠᠮᠠᠷ ᠴᠦ ᠵᠣᠷᠢᠯᠭ᠎ᠠ ᠦᠭᠡᠢ ᠰᠣᠩᠭᠤᠯᠲᠠ ᠪᠢᠰᠢ ᠶᠤᠮ ᠃ ᠬᠠᠷᠢᠨ ᠲᠠᠯ᠎ᠠ ᠨᠤᠲᠤᠭ ᠤᠨ ᠠᠮᠢ ᠠᠬᠤᠢ ᠂ ᠮᠠᠯᠴᠢᠳ ᠤᠨ ᠦᠢᠯᠡᠳᠪᠦᠷᠢᠯᠡᠯ ᠠᠮ᠊ ᠵᠳᠤᠷᠠᠯ ᠤᠨ ᠬᠡᠪᠰᠢᠯ ᠲᠠᠢ ᠤᠶᠠᠯᠳᠤᠭᠰᠠᠨ ᠢᠵᠢ ᠪᠦᠷᠢᠨ ᠠᠵᠤ ᠠᠮᠢᠳᠤᠷᠠᠯ ᠤᠨ ᠲᠣᠭᠲᠠᠯᠴᠠᠭ᠎ᠠ ᠶᠤᠮ ᠃ ᠮᠠᠯ ᠰᠦᠷᠦᠭ ᠵᠥᠪᠬᠡᠨ ᠪᠡᠯᠴᠢᠭᠡᠷ ᠲᠠᠭᠠᠨ ᠪᠡᠯᠴᠢᠳᠡᠭ ᠪᠢᠰᠢ ᠃ ᠮᠠᠯᠴᠢᠳ ᠲᠤ ᠴᠦ ᠭᠡᠰᠡᠨ ᠵᠥᠪᠬᠡᠨ ᠮᠠᠯ ᠤᠨ ᠢᠶᠠᠨ ᠬᠤᠶᠢᠨ᠎ᠠ ᠠᠴᠠ ᠮᠥᠷᠳᠡᠨ ᠲᠠᠭᠤᠵᠤ ᠮᠠᠯ ᠬᠠᠷᠢᠭᠤᠯᠳᠠᠭ ᠪᠢᠰᠢ ᠃ ᠨᠤᠲᠤᠭ ᠪᠡᠯᠴᠢᠭᠡᠷ ᠂ ᠮᠠᠯ ᠤᠨᠤᠭ᠎ᠠ ᠮᠠᠯᠴᠢᠳ ᠤᠨ ᠬᠤᠭᠤᠷᠣᠨᠳᠤ ᠨᠠᠷᠢᠨ ᠲᠣᠳᠣᠷᠬᠠᠢ ᠣᠷᠭᠠᠨᠢᠭ ᠬᠠᠷᠢᠴᠠᠭ᠎ᠠ ᠪᠠᠶᠢᠳᠠᠭ ᠃ ᠲᠠᠪᠤᠨ ᠬᠤᠰᠢᠭᠤ ᠮᠠᠯ ᠠᠳᠠᠯᠢ ᠪᠤᠰᠤ ᠤᠯᠠᠷᠢᠯ ᠳᠤ ᠠᠳᠠᠯᠢ ᠪᠤᠰᠤ ᠵᠦᠢᠯ ᠤᠨ ᠡᠪᠡᠰᠦ ᠤᠷᠭᠤᠮᠠᠯ ᠲᠠᠢ ᠪᠡᠯᠴᠢᠭᠡᠷ ᠲᠤ ᠪᠡᠯᠴᠢᠭᠡᠷᠯᠡᠵᠦ ᠲᠠᠮᠢᠷ ᠲᠡᠩᠬᠡᠭᠡ ᠬᠦᠴᠦ ᠲᠠᠷᠭᠤ ᠪᠠᠨ ᠵᠠᠯᠭᠠᠬᠤ ᠪᠤᠶᠤ ᠬᠠᠳᠠᠭᠠᠯᠠᠳᠠᠭ ᠃ ᠵᠢᠱᠢᠶᠡᠯᠡᠪᠡᠯ ᠂ ᠶᠠᠮᠠᠷ ᠶᠡᠭᠡ ᠵᠤᠳ ᠵᠤᠷᠬᠠᠨ ᠲᠠᠢ ᠵᠢᠯ ᠪᠣᠯᠣᠭᠰᠠᠨ ᠴᠦ ᠬᠠᠪᠤᠷ ᠤᠨ ᠠᠭᠤᠷ ᠪᠣᠯᠬᠤ ᠲᠠᠢ ᠵᠡᠷᠭᠡ ᠴᠠᠰᠤᠨ ᠳᠣᠣᠷ᠎ᠠ ᠳᠠᠷᠤᠭᠳᠠᠭᠰᠠᠨ ᠠᠭᠢ ᠬᠥᠷᠪᠡᠳᠡᠭ ᠭᠡᠳᠡᠭ ᠃ ᠡᠭᠦᠨ ᠢ ᠦᠵᠦᠮᠦᠴᠢᠨ ᠤ ᠮᠠᠯᠴᠢᠳ ︽ᠠᠭᠢ ᠬᠥᠷᠪᠡᠨ᠎ᠡ︾ ᠭᠡᠵᠤ ᠬᠡᠯᠡᠳᠡᠭ ᠃ ᠬᠥᠷᠪᠡᠭᠰᠡᠨ ᠠᠭᠢ ᠶᠢ ᠢᠳᠡᠭᠰᠡᠨ ᠮᠠᠯ ᠤᠨ ᠦᠶ᠎ᠡ ᠭᠡᠰᠢᠭᠦᠦ ᠨᠢ ᠴᠢᠩᠭᠠᠷᠠᠵᠤ ᠬᠠᠪᠤᠷ ᠤᠨ ᠬᠠᠪᠰᠠᠷᠭᠠᠨ ᠢ ᠠᠵᠢᠭ ᠦᠭᠡᠢ ᠲᠤᠭᠤᠯᠳᠠᠭ ᠭᠡᠳᠡᠭ ᠃ ᠬᠥᠷᠪᠡᠭᠰᠡᠨ ᠠᠭᠢ ᠶᠢᠨ ᠦᠨᠦᠷ ᠠᠪᠤᠭᠰᠠᠨ ᠮᠠᠯ ᠶᠡᠷᠦ ᠨᠢ ᠬᠠᠭᠤᠴᠢᠨ ᠨᠤᠲᠤᠭ ᠤᠷᠤᠭᠤ ᠪᠠᠨ ᠲᠡᠮᠡᠦᠯᠦᠭᠡᠳ ᠪᠠᠶᠢᠳᠠᠭ ᠃ ᠮᠠᠯᠴᠢᠳ ᠨᠠᠮᠤᠷ ᠰᠤᠪᠤᠳᠠᠭ ᠣᠲᠣᠷ ᠶᠠᠪᠤᠬᠤ ᠶᠢ ᠡᠷᠬᠢᠮᠯᠡᠳᠡᠭ ᠃ ᠤᠴᠢᠷ ᠨᠢ ᠨᠠᠮᠤᠷ ᠣᠬᠤᠷᠬᠠᠨ ᠬᠤᠭᠤᠴᠠᠭᠠᠨ ᠳᠤ ᠤᠷᠭᠤᠳᠠᠭ ᠬᠦᠩᠬᠡᠢ ᠭᠡᠳᠡᠭ ᠨᠢᠭᠡ ᠵᠦᠢᠯ ᠤᠨ ᠡᠪᠡᠰᠦ ᠪᠠᠶᠢᠳᠠᠭ ᠃ ᠡᠨᠡ ᠬᠦ ᠡᠪᠡᠰᠦ ᠶᠢ ᠢᠳᠡᠭᠦᠯᠬᠦ ᠶᠢᠨ ᠲᠥᠯᠥᠭᠡ ᠮᠠᠯᠴᠢᠳ ᠬᠤᠨᠢ ᠪᠠᠨ ᠲᠠᠭᠤᠵᠤ ᠰᠤᠪᠤᠳᠠᠭ ᠣᠲᠣᠷ ᠨᠡᠭᠦᠳᠡᠭ ᠃ ᠦᠵᠦᠮᠦᠴᠢᠨ ᠳᠤ ︽ᠲᠠᠷᠭᠤ ᠲᠠᠪᠤ ᠬᠤᠨᠤᠭ ᠲᠤ︾ ᠭᠡᠰᠡᠨ ᠦᠭᠡ ᠪᠠᠶᠢᠳᠠᠭ ᠃ ᠡᠨᠡ ᠨᠢ ᠨᠠᠮᠤᠷ ᠤᠨ ᠣᠲᠣᠷ ᠢ ᠰᠠᠶᠢᠬᠠᠨ ᠬᠢᠪᠡᠯ ᠲᠠᠪᠤᠬᠠᠨ ᠬᠤᠨᠤᠭ ᠲᠤ ᠴᠦ ᠭᠡᠰᠡᠨ ᠬᠤᠨᠢ ᠮᠠᠯ ᠤᠨ ᠲᠠᠷᠭᠤ ᠶᠢ ᠲᠣᠭᠲᠠᠭᠠᠵᠤ ᠪᠣᠯᠣᠨ᠎ᠠ ᠭᠡᠳᠡᠭ ᠲᠤᠷᠰᠢᠯᠭ᠎ᠠ ᠰᠤᠷᠭᠠᠮᠵᠢ ᠶᠢ ᠵᠢᠭᠠᠵᠤ ᠪᠠᠶᠢᠭ᠎ᠠ ᠶᠤᠮ ᠃ ᠮᠠᠯ ᠤᠨᠤᠭ᠎ᠠ ᠪᠠᠨ ᠪᠡᠯᠴᠢᠭᠡᠷ ᠲᠤ ᠨᠢ ᠬᠡᠷᠬᠢᠨ ᠵᠣᠬᠢᠴᠠᠭᠤᠯᠵᠤ ᠲᠠᠷᠭᠤᠯᠠᠭᠤᠯᠵᠤ ᠡᠪᠦᠯ ᠢ ᠰᠠᠶᠢᠬᠠᠨ ᠥᠩᠭᠡᠷᠡᠭᠦᠯᠵᠦ ᠬᠠᠪᠤᠷ ᠤᠨ ᠲᠥᠯ ᠢ ᠮᠡᠨᠳᠦ ᠲᠣᠰᠬᠤ ᠶᠠᠪᠤᠳᠠᠯ ᠪᠣᠯ ᠮᠠᠯᠴᠢᠨ ᠬᠥᠮᠥᠨ ᠤ ᠦᠷᠭᠦᠯᠵᠢ ᠰᠠᠨᠠᠭᠠᠰᠢᠷᠠᠳᠠᠭ ᠠᠵᠢᠯ ᠶᠤᠮ ᠃
ᠭᠡᠲᠡᠯ᠎ᠡ ᠣᠳᠣ ᠲᠠᠯ᠎ᠠ ᠨᠤᠲᠤᠭ ᠤᠨ ᠠᠮᠢ ᠠᠬᠤᠢ ᠶᠢᠨ ᠣᠨᠴᠠᠯᠢᠭ ᠢ ᠬᠥᠩᠭᠡᠪᠴᠢᠯᠡᠵᠦ ᠵᠣᠷᠢᠯᠭ᠎ᠠ ᠲᠥᠯᠥᠪᠯᠡᠭᠡ ᠦᠭᠡᠢ ᠪᠠᠷ ᠨᠤᠲᠤᠭ ᠪᠡᠯᠴᠢᠭᠡᠷ ᠢ ᠡᠷᠦᠬᠡ ᠳᠤ ᠳᠠᠭᠠᠭᠠᠴᠢᠯᠠᠭᠤᠯᠬᠤ ᠂ ᠲᠣᠣᠷ ᠲᠠᠲᠠᠵᠤ ᠦᠬᠦᠮᠡᠯ ᠰᠠᠭᠤᠷᠢᠰᠢᠬᠤ ᠂ ᠭᠠᠳᠠᠷ ᠣᠷᠣᠨ ᠠᠴᠠ ᠲᠤᠬᠠᠢ ᠶᠢᠨ ᠨᠤᠲᠤᠭ ᠤᠨ ᠠᠮᠢ ᠠᠬᠤᠢ ᠂ ᠠᠭᠤᠷ ᠠᠮᠢᠰᠬᠤᠯ ᠂ ᠤᠰᠤ ᠪᠡᠯᠴᠢᠭᠡᠷ ᠲᠤ ᠥᠯᠥ ᠢᠳᠡᠭᠡᠰᠢᠬᠦ ᠶᠠᠩᠵᠤ ᠪᠦᠷᠢ ᠶᠢᠨ ᠡᠭᠦᠯᠳᠡᠷ ᠤᠨ ᠮᠠᠯ ᠤᠨᠤᠭ᠎ᠠ ᠣᠷᠣᠭᠤᠯᠬᠤ ᠂ ᠳᠣᠲᠣᠷ᠎ᠠ ᠣᠷᠣᠨ ᠠᠴᠠ ᠶᠠᠩᠵᠤ ᠪᠦᠷᠢ ᠶᠢᠨ ᠪᠣᠬᠢᠷᠲᠤᠯ ᠲᠠᠢ ᠬᠠᠶᠠᠭᠳᠠᠮᠠᠯ ᠠᠵᠤ ᠦᠢᠯᠡᠳᠪᠦᠷᠢ ᠶᠢ ᠲᠠᠲᠠᠨ ᠣᠷᠣᠭᠤᠯᠬᠤ ᠂ ᠡᠷᠬᠡ ᠮᠡᠳᠡᠨ ᠠᠭᠤᠷᠬᠠᠢ ᠨᠡᠭᠡᠭᠡᠬᠦ ᠵᠡᠷᠭᠡ ᠠᠴᠠ ᠪᠣᠯᠵᠤ ᠨᠤᠲᠤᠭ ᠪᠡᠯᠴᠢᠭᠡᠷ ᠤᠨ ᠲᠠᠯᠬᠢᠭᠳᠠᠯ ᠂ ᠠᠮᠢ ᠠᠬᠤᠢ ᠶᠢᠨ ᠡᠪᠳᠡᠭᠳᠡᠯ ᠨᠢ ᠬᠦᠨᠳᠦ ᠨᠣᠴᠢᠲᠠᠢ ᠠᠰᠠᠭᠤᠳᠠᠯ ᠪᠣᠯᠵᠤ ᠪᠠᠶᠢᠭ᠎ᠠ ᠶᠤᠮ ᠃ ᠨᠤᠲᠤᠭ ᠪᠡᠯᠴᠢᠭᠡᠷ ᠢ ᠡᠷᠦᠬᠡ ᠳᠤ ᠳᠠᠭᠠᠭᠠᠴᠢᠯᠠᠭᠤᠯᠵᠤ ᠂ ᠬᠤᠪᠢᠳᠠᠭᠰᠠᠨ ᠨᠤᠲᠤᠭ ᠲᠠᠭᠠᠨ ᠲᠡᠮᠦᠷ ᠲᠣᠣᠷ ᠲᠠᠲᠠᠭᠰᠠᠨ ᠤ ᠦᠷ᠎ᠡ ᠳ᠋ᠦᠩ ᠳᠤ ᠤᠯᠠᠮᠵᠢᠯᠠᠯᠲᠤ ᠨᠡᠭᠦᠳᠡᠯ ᠮᠠᠯᠵᠢᠯ ᠨᠢ ᠰᠠᠭᠤᠷᠢᠰᠢᠯ ᠮᠠᠯᠵᠢᠯ ᠢᠶᠠᠷ ᠣᠷᠣᠯᠠᠭᠳᠠᠭᠰᠠᠨ ᠪᠠᠶᠢᠨ᠎ᠠ ᠃ ᠣᠳᠣ ᠥᠪᠥᠷ ᠮᠣᠩᠭᠤᠯ ᠳᠤ ᠤᠯᠠᠮᠵᠢᠯᠠᠯᠲᠤ ᠨᠡᠭᠦᠳᠡᠯ ᠮᠠᠯᠵᠢᠯ ᠤᠨ ᠠᠷᠭ᠎ᠠ ᠬᠡᠯᠪᠡᠷᠢ ᠤᠰᠠᠳᠬᠤ ᠵᠦᠭ ᠲᠡᠭᠡᠨ ᠬᠠᠨᠳᠤᠵᠤ ᠂ ᠬᠠᠷᠢᠨ ︽ᠬᠤᠷᠢᠵᠤ ᠮᠠᠯᠵᠢᠬᠤ ᠪᠤᠶᠤ ᠬᠠᠰᠢᠶᠠᠯᠠᠨ ᠮᠠᠯᠵᠢᠬᠤ︾ ᠳᠠᠷᠤᠢ ᠭᠠᠭ᠋ᠠᠶᠢᠴᠢᠯᠠᠨ ᠮᠠᠯᠵᠢᠬᠤ ᠠᠷᠭ᠎ᠠ ᠬᠡᠯᠪᠡᠷᠢ ᠪᠠᠷ ᠣᠷᠣᠯᠠᠭᠳᠠᠵᠤ ᠪᠠᠶᠢᠨ᠎ᠠ ᠃ ᠡᠷᠲᠡᠨ ᠠᠴᠠ ᠠᠪᠤᠭᠠᠳ ᠳᠡᠯᠡᠬᠡᠢ ᠶᠢᠨ ᠣᠯᠠᠨ ᠤᠯᠤᠰ ᠭᠦᠷᠦᠨ ᠨᠦᠭᠦᠳ ︽ᠨᠡᠭᠦᠳᠡᠯ ᠮᠠᠯᠵᠢᠯ︾ ᠭᠡᠳᠡᠭ ᠠᠮᠢᠳᠤᠷᠠᠯ ᠤᠨ ᠬᠡᠯᠪᠡᠷᠢ ᠶᠢ ︽ᠬᠤᠴᠣᠷᠤᠩᠭᠤᠢ ᠪᠦᠳᠦᠭᠦᠯᠢᠭ︾ ᠠᠮᠢᠳᠤᠷᠠᠯ ᠤᠨ ᠬᠡᠯᠪᠡᠷᠢ ᠬᠡᠮᠡᠨ ᠬᠥᠩᠭᠡᠪᠴᠢᠯᠡᠭᠰᠡᠭᠡᠷ ᠢᠷᠡᠪᠠ ᠃ ᠲᠠᠯ᠎ᠠ ᠨᠤᠲᠤᠭ ᠤᠨ ᠠᠮᠢ ᠠᠬᠤᠢ ᠬᠦᠨᠳᠦ ᠨᠣᠴᠢᠲᠠᠢ ᠡᠪᠳᠡᠭᠳᠡᠵᠦ ᠪᠠᠶᠢᠬᠤ ᠠᠴᠠ ᠪᠣᠯᠵᠤ ᠤᠯᠤᠰ ᠠᠴᠠ ᠮᠠᠯᠴᠢᠳ ᠤᠨ ᠮᠠᠯ ᠮᠠᠯᠵᠢᠯ ᠤᠨ ᠲᠤᠬᠠᠢ ᠶᠠᠩᠵᠤ ᠪᠦᠷᠢ ᠶᠢᠨ ᠲᠥᠷᠥ ᠶᠢᠨ ᠪᠣᠳᠣᠯᠭ᠎ᠠ ᠶᠢ ᠠᠪᠴᠤ ᠪᠠᠶᠢᠨ᠎ᠠ ᠃ 2000 ᠣᠨ ᠤ ᠡᠬᠢᠨ ᠤ ᠦᠶ᠎ᠡ ᠠᠴᠠ ᠠᠮᠢ ᠠᠬᠤᠢ ᠶᠢ ᠰᠡᠷᠭᠦᠭᠡᠬᠦ ᠡᠭᠦᠳᠡᠨ ᠠᠴᠠ ᠬᠥᠳᠡᠭᠡ ᠨᠤᠲᠤᠭ ᠲᠤ ︽ᠪᠢᠲᠡᠭᠦᠮᠵᠢᠯᠡᠨ ᠬᠦᠷᠢᠶᠡᠯᠡᠵᠦ ᠨᠡᠭᠦᠯᠭᠡᠨ ᠰᠢᠯᠵᠢᠭᠦᠯᠬᠦ︾ ᠂ ︽ᠠᠮᠠᠷᠠᠵᠤ ᠮᠠᠯᠵᠢᠬᠤ︾ ᠂ ︽ᠮᠠᠯᠵᠢᠬᠤ ᠶᠢ ᠬᠤᠷᠢᠭᠯᠠᠬᠤ︾ ᠂ ︽ᠡᠭᠡᠯᠵᠢᠯᠡᠨ ᠮᠠᠯᠵᠢᠬᠤ︾ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠠ ᠃ ᠡᠨᠡ ᠨᠢ ᠦᠨᠡᠨᠳᠡᠭᠡᠨ ᠨᠤᠲᠤᠭ ᠪᠡᠯᠴᠢᠭᠡᠷ ᠢ ᠡᠷᠦᠬᠡ ᠳᠤ ᠳᠠᠭᠠᠭᠠᠴᠢᠯᠠᠭᠤᠯᠬᠤ ᠠᠴᠠ ᠡᠮᠦᠨᠡᠬᠢ ᠮᠠᠯᠴᠢᠳ ᠤᠨ ᠳᠥᠷᠪᠡᠨ ᠤᠯᠠᠷᠢᠯ ᠤᠨ ᠨᠡᠭᠦᠳᠡᠯ ᠠᠮᠢᠳᠤᠷᠠᠯ ᠤᠨ ᠠᠷᠭ᠎ᠠ ᠬᠡᠯᠪᠡᠷᠢ ᠶᠢ ᠂ ᠨᠤᠲᠤᠭ ᠪᠡᠯᠴᠢᠭᠡᠷ ᠬᠤᠪᠢᠳᠠᠭᠰᠠᠨ ᠤ ᠳᠠᠷᠠᠭᠠᠬᠢ ᠥᠴᠥᠬᠡᠨ ᠣᠷᠣᠨ ᠵᠠᠢ ᠳᠠᠭᠠᠨ ᠨᠡᠷ᠎ᠡ ᠶᠢ ᠨᠢ ᠥᠭᠡᠷᠡᠴᠢᠯᠡᠵᠦ ᠬᠡᠷᠡᠭᠵᠢᠭᠦᠯᠦᠭᠰᠡᠨ ᠲᠡᠳᠦᠢ ᠶᠤᠮ ᠃ ᠤᠴᠢᠷ ᠨᠢ ᠳᠥᠷᠪᠡᠨ ᠤᠯᠠᠷᠢᠯ ᠤᠨ ᠨᠡᠭᠦᠳᠡᠯ ᠨᠢ ᠲᠡᠷᠡ ᠴᠢᠭ ᠢᠶᠠᠷ ᠢᠶᠠᠨ ︽ᠡᠭᠡᠯᠵᠢᠯᠡᠨ ᠮᠠᠯᠵᠢᠬᠤ︾ ᠶᠢ ᠡᠷᠬᠢᠮᠯᠡᠵᠦ ᠪᠠᠶᠢᠭ᠎ᠠ ᠮᠠᠯ ᠠᠵᠤ ᠠᠬᠤᠢ ᠶᠢᠨ ᠠᠮᠢᠳᠤᠷᠠᠯ ᠤᠨ ᠬᠡᠯᠪᠡᠷᠢ ᠶᠤᠮ ᠃ ᠪᠠᠷᠠᠭᠤᠨ ᠦᠵᠦᠮᠦᠴᠢᠨ ᠬᠤᠰᠢᠭᠤᠨ ᠳᠤ ᠣᠳᠣ ᠶᠡᠭᠡ ᠬᠡᠮᠵᠢᠶᠡᠨ ᠤ ᠨᠡᠭᠦᠷᠡᠰᠦᠨ ᠠᠭᠤᠷᠬᠠᠢ ᠨᠡᠭᠡᠭᠡᠭᠰᠡᠨ ᠠᠴᠠ ᠪᠣᠯᠵᠤ ᠮᠠᠯᠴᠢᠳ ᠤᠨ ᠨᠤᠲᠤᠭ ᠪᠡᠯᠴᠢᠭᠡᠷ ᠠᠭᠤᠷᠬᠠᠢ ᠶᠢᠨ ᠬᠠᠷᠢᠶᠠᠨ ᠳᠤ ᠣᠷᠣᠬᠤ ᠦᠵᠡᠭᠳᠡᠯ ᠶᠡᠬᠡᠰᠴᠦ ᠪᠠᠶᠢᠨ᠎ᠠ ᠃ ᠡᠭᠦᠨ ᠤ ᠤᠯᠠᠮ ᠠᠴᠠ ᠨᠤᠲᠤᠭ ᠪᠡᠯᠴᠢᠭᠡᠷ ᠢᠶᠠᠨ ᠠᠯᠳᠠᠭᠰᠠᠨ ᠮᠠᠯᠴᠢᠳ ᠬᠤᠲᠠ ᠣᠷᠣᠵᠤ ᠠᠷᠰᠠᠷ ᠠᠵᠢᠯ ᠬᠢᠬᠦ ᠂ ᠬᠦᠴᠦ ᠶᠠᠪᠤᠬᠤ ᠵᠡᠷᠭᠡ ᠪᠠᠷ ᠠᠮᠢ ᠵᠢᠭᠤᠬᠤ ᠪᠣᠯᠪᠠ ᠃ ᠰᠠᠭᠤᠷᠢᠰᠢᠯ ᠮᠠᠯᠵᠢᠯ ᠂ ᠠᠭᠤᠷᠬᠠᠢ ᠨᠡᠭᠡᠭᠡᠬᠦ ᠵᠡᠷᠭᠡ ᠶᠠᠩᠵᠤ ᠪᠦᠷᠢ ᠶᠢᠨ ᠭᠠᠳᠠᠭᠠᠳᠤ ᠰᠢᠯᠲᠠᠭᠠᠨ ᠠᠴᠠ ᠪᠣᠯᠵᠤ ᠦᠵᠦᠮᠦᠴᠢᠨ ᠤ ᠠᠮᠢ ᠠᠬᠤᠢ ᠮᠠᠭᠤᠳᠠᠵᠤ ᠡᠯᠡᠰᠦᠷᠬᠡᠭᠵᠢᠬᠦ ᠦᠵᠡᠭᠳᠡᠯ ᠴᠦ ᠨᠡᠮᠡᠭᠳᠡᠪᠡ ᠃ 2004 ᠣᠨ ᠤ 6 ᠰᠠᠷ᠎ᠠ ᠳᠤ ᠪᠢ ᠪᠠᠷᠠᠭᠤᠨ ᠦᠵᠦᠮᠦᠴᠢᠨ ᠬᠤᠰᠢᠭᠤᠨ ᠳᠤ ᠬᠡᠭᠡᠷ᠎ᠡ ᠶᠢᠨ ᠰᠢᠨᠵᠢᠯᠡᠭᠡᠨ ᠬᠢᠬᠦ ᠪᠠᠷ ᠣᠴᠢᠬᠤ ᠳᠤ ᠂ ᠨᠢᠭᠡᠨᠲᠡ ᠵᠤᠨ ᠤ 6 ᠰᠠᠷ᠎ᠠ ᠪᠣᠯᠴᠢᠬᠠᠭᠰᠠᠨ ᠪᠠᠶᠢᠲᠠᠯ᠎ᠠ ᠶᠡᠬᠡᠩᠬᠢ ᠪᠡᠯᠴᠢᠭᠡᠷ ᠨᠤᠲᠤᠭ ᠨᠢ ᠮᠥᠨ ᠯᠡ ᠤᠯᠠᠭᠠᠨ ᠬᠠᠯᠴᠠᠭᠠᠢ ᠪᠠᠶᠢᠪᠠ ᠃ ᠬᠠᠷᠢᠨ ᠵᠠᠷᠢᠮ ᠭᠠᠵᠠᠷ ᠳᠡᠭᠡᠷ᠎ᠡ ᠡᠭᠴᠡ ᠨᠢᠰᠬᠡᠯ ᠢᠶᠠᠷ ᠡᠪᠡᠰᠦᠨ ᠦᠷ᠎ᠡ ᠲᠠᠷᠢᠵᠤ ᠪᠠᠶᠢᠬᠤ ᠲᠠᠢ ᠲᠣᠬᠢᠶᠠᠯᠳᠤᠪᠠ ᠃ ᠠᠷᠪᠠᠭᠠᠳ ᠵᠢᠯ ᠤᠨ ᠡᠮᠦᠨ᠎ᠡ ᠶᠤᠮ ᠪᠣᠯ 6 ᠰᠠᠷ᠎ᠠ ᠪᠣᠯᠬᠤ ᠳᠤ ᠮᠠᠯ ᠣᠨᠤᠭ᠎ᠠ ᠦᠰᠦ ᠳᠠᠭᠠᠬᠢ ᠠᠴᠠ ᠪᠠᠨ ᠰᠠᠯᠵᠤ ᠨᠣᠭᠤᠭᠠᠨ ᠳᠤ ᠨᠡᠯᠢᠶᠡᠳ ᠴᠠᠳᠴᠢᠬᠠᠭᠰᠠᠨ ᠪᠠᠶᠢᠳᠠᠭ ᠃ ᠭᠡᠲᠡᠯ᠎ᠡ ᠡᠨᠡ ᠤᠳᠠᠭ᠎ᠠ ᠬᠠᠪᠤᠷ ᠢ ᠳᠥᠩᠭᠡᠵᠢ ᠲᠤᠭᠤᠯᠤᠭᠰᠠᠨ ᠶᠠᠳᠠᠷ ᠳᠣᠷᠣᠢ ᠮᠠᠯ ᠤᠳ ᠬᠠᠮᠠᠷ ᠬᠠᠳᠬᠤᠬᠤ ᠡᠪᠡᠰᠦ ᠦᠭᠡᠢ ᠭᠠᠵᠠᠷ ᠲᠤ ᠲᠣᠯᠣᠭᠠᠢ ᠪᠠᠨ ᠰᠢᠭᠠᠵᠤ ᠰᠢᠷᠣᠢ ᠲᠠᠢ ᠬᠤᠮᠠᠬᠢ ᠡᠮᠬᠦᠯᠡᠵᠦ ᠪᠠᠶᠢᠬᠤ ᠶᠢ ᠨᠢᠳᠦ ᠪᠠᠷ ᠦᠵᠡᠵᠦ ᠠᠮᠢ ᠠᠬᠤᠢ ᠮᠠᠭᠤᠳᠠᠭᠰᠠᠨ ᠢ ᠬᠥᠮᠥᠨ ᠤ ᠠᠮᠠᠨ ᠠᠴᠠ ᠪᠤᠰᠤ ᠮᠠᠯ ᠤᠨ ᠦᠢᠯᠡ ᠠᠴᠠ ᠤᠯᠠᠮ ᠲᠣᠳᠣᠷᠬᠠᠢ ᠣᠶᠢᠯᠠᠭᠠᠪᠠ ᠃
ᠣᠳᠣ ᠦᠵᠦᠮᠦᠴᠢᠨ ᠤ ᠣᠯᠠᠩᠬᠢ ᠮᠠᠯᠴᠢᠳ ᠥᠪᠡᠷᠰᠡᠳ ᠤᠨ ᠬᠤᠪᠢᠳᠠᠵᠤ ᠠᠪᠤᠭᠰᠠᠨ ᠪᠡᠯᠴᠢᠭᠡᠷ ᠢᠶᠠᠨ ᠲᠣᠣᠷᠯᠠᠵᠤ ᠲᠣᠣᠷ ᠤᠨ ᠢᠶᠠᠨ ᠳᠣᠲᠣᠷ᠎ᠠ ᠰᠠᠭᠤᠷᠢᠰᠢᠯ ᠤᠨ ᠭᠡᠷ ᠬᠡᠷᠡᠮ ᠪᠠᠶᠢᠭᠤᠯᠵᠤ ᠲᠡᠭᠦᠨ ᠤ ᠪᠠᠨ ᠡᠷᠭᠢᠨ ᠲᠣᠭᠤᠷᠢᠨ ᠳᠤ ᠵᠢᠯ ᠤᠨ ᠳᠥᠷᠪᠡᠨ ᠤᠯᠠᠷᠢᠯ ᠳᠤ ᠲᠤᠭ᠎ᠠ ᠲᠠᠢ ᠬᠡᠳᠦᠬᠡᠨ ᠮᠠᠯ ᠢᠶᠠᠨ ᠮᠠᠯᠵᠢᠬᠤ ᠪᠣᠯᠪᠠ ᠃ ᠤᠤᠯ ᠤᠨ ᠨᠡᠭᠦᠳᠡᠯ ᠮᠠᠯᠵᠢᠯ ᠨᠢ ᠤᠰᠤ ᠪᠡᠯᠴᠢᠭᠡᠷ ᠢ ᠴᠥᠮ ᠪᠠᠶᠢᠭᠠᠯᠢ ᠳᠤ ᠲᠦᠰᠢᠭᠯᠡᠵᠦ ᠪᠠᠶᠢᠭᠰᠠᠨ ᠪᠣᠯᠬᠤᠷ ᠬᠥᠳᠡᠯᠮᠦᠷᠢ ᠬᠦᠴᠦ ᠳᠡᠮᠡᠢ ᠬᠡᠷᠡᠭᠰᠡᠳᠡᠭ ᠦᠭᠡᠢ ᠪᠠᠶᠢᠪᠠ ᠃ ᠭᠡᠲᠡᠯ᠎ᠡ ᠰᠠᠭᠤᠷᠢᠰᠢᠯ ᠮᠠᠯᠵᠢᠯ ᠤᠷᠤᠭᠤ ᠰᠢᠯᠵᠢᠭᠰᠡᠨ ᠠᠴᠠ ᠪᠣᠯᠵᠤ ᠬᠤᠳᠳᠤᠭ ᠤᠰᠤᠨ ᠤ ᠠᠰᠠᠭᠤᠳᠠᠯ ᠂ ᠡᠪᠡᠰᠦ ᠪᠣᠷᠳᠣᠭᠠᠨ ᠤ ᠠᠰᠠᠭᠤᠳᠠᠯ ᠂ ᠠᠷᠠᠴᠢᠯᠠᠨ ᠲᠡᠵᠢᠭᠡᠬᠦ ᠠᠰᠠᠭᠤᠳᠠᠯ ᠵᠡᠷᠭᠡ ᠶᠠᠩᠵᠤ ᠪᠦᠷᠢ ᠶᠢᠨ ᠰᠢᠨ᠎ᠡ ᠠᠰᠠᠭᠤᠳᠠᠯ ᠤᠳ ᠭᠠᠷᠴᠤ ᠢᠷᠠᠪᠠ ᠃ ᠲᠤᠭ᠎ᠠ ᠲᠠᠢ ᠬᠡᠳᠦᠨ ᠮᠠᠯ ᠤᠨ ᠠᠰᠢᠭ ᠣᠷᠣᠯᠭ᠎ᠠ ᠨᠢ ᠵᠠᠷᠤᠯᠭ᠎ᠠ ᠳᠠᠭᠠᠨ ᠬᠦᠷᠬᠦ ᠦᠭᠡᠢ ᠶᠠᠪᠤᠳᠠᠯ ᠴᠦ ᠨᠡᠶᠢᠳᠡᠮ ᠤᠨ ᠴᠢᠨᠠᠷᠲᠠᠢ ᠣᠷᠣᠰᠢᠬᠤ ᠪᠣᠯᠪᠠ ᠃ ᠢᠯᠠᠩᠭᠤᠶ᠎ᠠ ᠮᠠᠯᠴᠢᠳ ᠤᠨ ᠰᠠᠭᠤᠷᠢᠰᠢᠯ ᠠᠮᠢᠳᠤᠷᠠᠯ ᠬᠢᠬᠦ ᠵᠢᠴᠢ ᠬᠤᠲᠠ ᠣᠷᠣᠵᠤ ᠭᠤᠷᠪᠠᠳᠤᠭᠠᠷ ᠠᠵᠤ ᠠᠬᠤᠶᠢᠯᠠᠯ ᠡᠷᠬᠢᠯᠡᠬᠦ ᠶᠢ ᠤᠷᠢᠶᠠᠯᠠᠭᠰᠠᠨ ᠠᠴᠠ ᠪᠣᠯᠵᠤ ᠮᠠᠯᠴᠢᠨ ᠵᠠᠯᠠᠭᠤᠴᠤᠳ ᠮᠠᠯ ᠮᠠᠯᠵᠢᠬᠤ ᠪᠠᠨ ᠪᠣᠯᠢᠵᠤ ᠬᠤᠲᠠ ᠣᠷᠣᠵᠤ ᠠᠵᠢᠯ ᠬᠢᠬᠦ ᠂ ᠮᠠᠯ ᠤᠨᠤᠭ᠎ᠠ ᠪᠠᠨ ᠪᠦᠬᠦᠨ ᠢ ᠬᠤᠳᠠᠯᠳᠤᠬᠤ ᠪᠤᠶᠤ ᠪᠤᠰᠤᠳ ᠬᠥᠮᠥᠨ ᠳᠤ ᠲᠦᠷᠢᠶᠡᠰᠦᠯᠡᠵᠦ ᠥᠭᠭᠦᠭᠡᠳ ᠬᠤᠲᠠ ᠣᠷᠣᠵᠤ ᠬᠥᠯ ᠠᠯᠳᠠᠵᠤ ᠪᠠᠶᠢᠭ᠎ᠠ ᠮᠠᠯᠴᠢᠳ ᠤᠯᠠᠮ ᠨᠡᠮᠡᠭᠳᠡᠬᠦ ᠬᠠᠨᠳᠤᠰᠢ ᠲᠠᠢ ᠪᠣᠯᠪᠠ ᠃ ᠰᠤᠮᠤᠨ ᠤ ᠰᠤᠷᠭᠠᠭᠤᠯᠢ ᠶᠢ ᠬᠤᠰᠢᠭᠤᠨ ᠳᠡᠭᠡᠷ᠎ᠡ ᠲᠥᠪᠯᠡᠷᠡᠭᠦᠯᠦᠭᠰᠡᠨ ᠠᠴᠠ ᠪᠣᠯᠵᠤ ᠦᠷ᠎ᠡ ᠬᠡᠦᠬᠡᠳ ᠤᠨ ᠢᠶᠠᠨ ᠪᠢᠴᠢᠭ ᠰᠤᠷᠭᠠᠭᠤᠯᠢ ᠶᠢᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠨᠤᠲᠤᠭ ᠪᠡᠯᠴᠢᠭᠡᠷ ᠮᠠᠯ ᠤᠨᠤᠭ᠎ᠠ ᠪᠠᠨ ᠪᠤᠰᠤᠳ ᠲᠤ ᠲᠦᠷᠢᠶᠡᠰᠦᠯᠡᠵᠦ ᠬᠤᠲᠠ ᠳᠤ ᠨᠡᠭᠦᠨ ᠢᠷᠠᠵᠤ ᠡᠭᠦᠳᠡᠨ ᠭᠡᠷ ᠲᠦᠷᠢᠶᠡᠰᠦᠯᠡᠨ ᠰᠠᠭᠤᠵᠤ ᠪᠠᠶᠢᠭ᠎ᠠ ᠮᠠᠯᠴᠢᠳ ᠴᠦ ᠨᠡᠮᠡᠭᠳᠡᠵᠦ ᠪᠠᠶᠢᠨ᠎ᠠ ᠃ ᠨᠤᠲᠤᠭ ᠪᠡᠯᠴᠢᠭᠡᠷ ᠢ ᠡᠷᠦᠬᠡ ᠳᠤ ᠳᠠᠭᠠᠭᠠᠴᠢᠯᠠᠭᠤᠯᠤᠭᠰᠠᠨ ᠠᠴᠠ ᠪᠣᠯᠵᠤ ᠬᠥᠷᠰᠢ ᠵᠡᠷᠭᠡᠯᠡᠳᠡᠭᠡ ᠬᠤᠰᠢᠭᠤ ᠰᠤᠮᠤ ᠵᠢᠴᠢ ᠠᠶᠢᠯ ᠵᠡᠷᠭᠡᠯᠡᠳᠡᠭᠡ ᠶᠢᠨ ᠬᠤᠭᠤᠷᠣᠨᠳᠤᠬᠢ ᠨᠤᠲᠤᠭ ᠤᠨ ᠵᠢᠭᠤᠷᠠᠭᠠᠨ ᠦᠷᠭᠦᠯᠵᠢ ᠶᠢᠨ ᠴᠢᠨᠠᠷᠲᠠᠢ ᠣᠷᠣᠰᠢᠬᠤ ᠪᠣᠯᠪᠠ ᠃ ᠡᠨᠡ ᠮᠡᠲᠦᠴᠢᠯᠡᠨ ᠪᠡᠯᠴᠢᠭᠡᠷ ᠨᠤᠲᠤᠭ ᠢ ᠬᠤᠪᠢᠶᠠᠭᠰᠠᠨ ᠠᠴᠠ ᠪᠣᠯᠣᠭᠰᠠᠨ ᠰᠠᠭᠤᠷᠢᠰᠢᠮᠠᠯ ᠠᠮᠢᠳᠤᠷᠠᠯ ᠤᠨ ᠬᠡᠯᠪᠡᠷᠢ ᠨᠢ ᠮᠣᠩᠭᠤᠯᠴᠤᠳ ᠤᠨ ᠤᠯᠠᠮᠵᠢᠯᠠᠯᠲᠤ ᠮᠠᠯ ᠮᠠᠯᠵᠢᠯ ᠤᠨ ᠰᠣᠶᠣᠯ ᠤᠨ ᠤᠬᠠᠮᠰᠠᠷ ᠂ ᠪᠠᠶᠢᠭᠠᠯᠢ ᠣᠷᠴᠢᠨ ᠤ ᠲᠠᠨᠢᠯᠲᠠ ᠂ ᠬᠠᠮᠲᠤ ᠴᠣᠭᠴᠠ ᠶᠢᠨ ᠨᠡᠶᠢᠲᠡᠯᠢᠭ ᠰᠡᠳᠬᠢᠯᠭᠡ ᠶᠢᠨ ᠬᠡᠪ ᠤᠨ ᠵᠣᠬᠢᠴᠠᠯ ᠳᠤ ᠲᠣᠭᠲᠠᠭᠠᠳ ᠪᠤᠰᠤ ᠡᠯᠧᠮᠧᠨ᠋ᠲ ᠢ ᠠᠪᠴᠢᠷᠠᠵᠤ ᠥᠭᠴᠦ ᠪᠠᠶᠢᠭ᠎ᠠ ᠨᠢ ᠡᠳᠦᠷ ᠢᠷᠡᠬᠦᠶ᠎ᠡ ᠨᠡᠮᠡᠭᠳᠡᠬᠦ ᠬᠠᠨᠳᠤᠰᠢ ᠲᠠᠢ ᠪᠣᠯᠪᠠ ᠃
ᠦᠵᠦᠮᠦᠴᠢᠨ ᠮᠣᠩᠭᠤᠯᠴᠤᠳ ᠤᠨ ᠳᠣᠲᠣᠷ᠎ᠠ ᠳᠡᠭᠡᠷ᠎ᠡ ᠵᠠᠭᠤᠨ ᠤ ᠶᠡᠷᠡᠭᠡᠳ ᠣᠨ ᠪᠣᠯᠲᠠᠯ᠎ᠠ ᠮᠣᠩᠭᠤᠯ ᠭᠡᠷ ᠲᠤ ᠰᠠᠭᠤᠵᠤ ᠨᠡᠭᠦᠳᠡᠯ ᠠᠮᠢᠳᠤᠷᠠᠯ ᠬᠢᠵᠦ ᠪᠠᠶᠢᠭᠰᠠᠨ ᠠᠶᠢᠯ ᠤᠳ ᠴᠥᠭᠡᠨ ᠪᠤᠰᠤ ᠪᠠᠶᠢᠪᠠ ᠃ ᠮᠣᠩᠭᠤᠯ ᠭᠡᠷ ᠪᠣᠯ ᠮᠣᠩᠭᠤᠯᠴᠤᠳ ᠤᠨ ᠨᠡᠭᠦᠳᠡᠯ ᠠᠮᠢᠳᠤᠷᠠᠯ ᠳᠤ ᠵᠣᠬᠢᠴᠠᠭᠰᠠᠨ ᠤᠯᠠᠮᠵᠢᠯᠠᠯᠲᠤ ᠣᠷᠣᠨ ᠰᠠᠭᠤᠴᠠ ᠶᠤᠮ ᠃ ᠠᠷᠠᠳ ᠤᠨ ᠨᠢᠭᠡᠳᠦᠯ ᠤᠨ ᠦᠶ᠎ᠡ ᠳᠤ ᠬᠠᠪᠤᠷ ᠤᠨ ᠲᠥᠯ ᠤᠨ ᠤᠯᠠᠷᠢᠯ ᠪᠣᠯᠬᠤ ᠳᠤ ᠭᠤᠷᠪᠠ ᠲᠠᠪᠤᠨ ᠡᠷᠦᠬᠡ ᠨᠡᠶᠢᠯᠡᠨ ᠨᠢᠭᠡᠨ ᠬᠤᠲᠠ ᠠᠶᠢᠯ ᠪᠣᠯᠵᠤ ᠬᠠᠪᠤᠷᠵᠢᠶᠠᠨ ᠳᠠᠭᠠᠨ ᠪᠠᠭᠤᠵᠤ ᠲᠥᠯ ᠲᠣᠰᠳᠠᠭ ᠪᠠᠶᠢᠪᠠ ᠃ ᠵᠣᠨ ᠪᠣᠯᠬᠤ ᠳᠤ ᠬᠤᠶᠠᠷ ᠬᠤᠲᠠ ᠠᠶᠢᠯ ᠣᠶᠢᠷᠠᠯᠴᠠᠭ᠎ᠠ ᠵᠤᠰᠠᠯᠠᠩ ᠳᠠᠭᠠᠨ ᠪᠠᠭᠤᠵᠤ ᠰᠠᠭᠠᠬᠤ ᠰᠤᠪᠠᠢ ᠪᠠᠨ ᠬᠠᠷᠢᠯᠴᠠᠨ ᠢᠯᠭᠠᠬᠤ ᠪᠤᠶᠤ ᠨᠡᠶᠢᠯᠡᠭᠦᠯᠬᠦ ᠠᠵᠢᠯ ᠳᠤ ᠲᠤᠰᠠᠯᠠᠯᠴᠠᠳᠠᠭ ᠪᠠᠶᠢᠪᠠ ᠃ ᠡᠭᠦᠨ ᠢ ᠰᠠᠭᠠᠬᠠᠯᠲᠠ ᠠᠶᠢᠯ ᠭᠡᠳᠡᠭ ᠃
ᠮᠣᠩᠭᠤᠯᠴᠤᠳ ᠤᠨ ᠨᠡᠭᠦᠳᠡᠯ ᠮᠠᠯᠵᠢᠯ ᠤᠨ ᠲᠡᠦᠬᠡᠨ ᠳᠡᠭᠡᠷ᠎ᠡ ᠬᠤᠲᠠ ᠠᠶᠢᠯ ᠪᠤᠶᠤ ᠰᠠᠭᠠᠬᠠᠯᠲᠠ ᠠᠶᠢᠯ ᠪᠣᠯ ᠬᠠᠷᠢᠯᠴᠠᠨ ᠬᠤᠯᠪᠣᠭᠠᠯᠠᠭᠰᠠᠨ ᠨᠡᠭᠦᠳᠡᠯ ᠮᠠᠯᠵᠢᠯ ᠤᠨ ᠨᠡᠶᠢᠭᠡᠮ ᠤᠨ ᠦᠨᠳᠦᠰᠦᠨ ᠬᠠᠮᠲᠤᠯᠢᠭ ᠶᠤᠮ ᠃ ᠲᠡᠳᠡᠨ ᠬᠠᠷᠢᠯᠴᠠᠨ ᠬᠤᠷᠰᠢᠵᠤ ᠮᠠᠯ ᠠᠵᠤ ᠠᠬᠤᠢ ᠶᠢᠨ ᠣᠯᠠᠨ ᠵᠦᠢᠯ ᠤᠨ ᠠᠵᠢᠯ ᠪᠣᠯᠣᠨ ᠠᠵᠤ ᠠᠮᠢᠳᠤᠷᠠᠯ ᠤᠨ ᠵᠠᠩ ᠦᠢᠯᠡ ᠨᠦᠭᠦᠳ ᠢ ᠭᠦᠢᠴᠡᠳᠬᠡᠳᠡᠭ ᠃ ᠲᠡᠭᠦᠨ ᠤ ᠴᠢᠬᠤᠯᠠ ᠴᠢᠨᠠᠷ ᠢ ᠮᠠᠯᠴᠢᠨ ᠮᠣᠩᠭᠤᠯᠴᠤᠳ ︽ᠠᠶᠢᠯ ᠬᠥᠮᠥᠨ ᠤ ᠠᠮᠢ ᠨᠢᠭᠡ ᠂ ᠰᠠᠭᠠᠬᠠᠯᠲᠠ ᠬᠥᠮᠥᠨ ᠤ ᠰᠠᠨᠠᠭ᠎ᠠ ᠨᠢᠭᠡ︾ ᠭᠡᠵᠤ ᠵᠦᠢᠷᠯᠡᠵᠦ ᠬᠡᠯᠡᠳᠡᠭ ᠃ ᠦᠵᠦᠮᠦᠴᠢᠨ ᠳᠤ ᠣᠯᠠᠩᠬᠢ ᠳᠠᠭᠠᠨ ᠣᠶᠢᠷ᠎ᠠ ᠲᠥᠷᠥᠯ ᠢᠶᠠᠷ ᠢᠶᠠᠨ ᠬᠤᠲᠠ ᠠᠶᠢᠯ ᠪᠣᠯᠵᠤ ᠰᠠᠭᠤᠬᠤ ᠶᠠᠪᠤᠳᠠᠯ ᠣᠯᠠᠨ ᠲᠣᠬᠢᠶᠠᠯᠳᠤᠳᠠᠭ ᠃ ᠨᠢᠭᠡ ᠠᠶᠢᠯ ᠨᠢ 5-7 ᠪᠤᠶᠤ 10 ᠬᠥᠮᠥᠨ ᠢᠶᠠᠷ ᠪᠦᠷᠢᠯᠳᠦᠭᠰᠡᠨ ᠪᠠᠶᠢᠳᠠᠭ ᠃ ᠬᠦᠦ ᠪᠠᠨ ᠭᠡᠷᠯᠡᠬᠦ ᠦᠶᠡᠰ ᠠᠪᠤ ᠡᠵᠢ ᠨᠢ ᠰᠢᠨ᠎ᠡ ᠭᠡᠷ ᠲᠥᠬᠦᠭᠡᠷᠴᠦ ᠵᠣᠬᠢᠬᠤ ᠬᠡᠮᠵᠢᠶᠡᠨ ᠤ ᠥᠮᠴᠢ ᠬᠥᠷᠥᠩᠭᠡ ᠥᠭᠳᠡᠭ ᠃ ᠦᠵᠦᠮᠦᠴᠢᠨ ᠳᠤ ᠣᠳᠬᠤᠨ ᠬᠥᠪᠡᠭᠦᠨ ᠥᠪ ᠵᠠᠯᠭᠠᠮᠵᠢᠯᠠᠬᠤ ᠣᠶᠢᠯᠠᠭᠠᠯᠲᠠ ᠪᠤᠶᠤ ᠤᠯᠠᠮᠵᠢᠯᠠᠯ ᠮᠥᠨ ᠬᠠᠳᠠᠭᠠᠯᠠᠭᠳᠠᠵᠤ ᠪᠠᠶᠢᠭ᠎ᠠ ᠪᠣᠯᠬᠤᠷ ᠡᠨᠡ ᠨᠢ ᠪᠤᠰᠤᠳ ᠮᠣᠩᠭᠤᠯ ᠭᠠᠵᠠᠷ ᠣᠷᠣᠨ ᠲᠠᠢ ᠠᠳᠠᠯᠢᠪᠲᠤᠷ ᠶᠤᠮ ᠃ ᠤᠷᠤᠭ ᠬᠤᠷᠢᠮ ᠤᠨ ᠲᠠᠯ᠎ᠠ ᠪᠠᠷ ᠣᠶᠢᠷ᠎ᠠ ᠲᠥᠷᠥᠯ ᠲᠠᠢ ᠪᠠᠨ ᠬᠤᠷᠢᠮᠯᠠᠬᠤ ᠪᠤᠶᠤ ᠠᠳᠠᠯᠢ ᠣᠪᠣᠭ ᠤᠨ ᠳᠣᠲᠣᠷ᠎ᠠ ᠪᠠᠨ ᠬᠤᠷᠢᠮᠯᠠᠬᠤ ᠶᠢ ᠴᠡᠭᠡᠷᠯᠡᠵᠦ ᠪᠠᠶᠢᠳᠠᠭ ᠃ ᠡᠨᠡ ᠲᠤᠬᠠᠢ ︽ᠤᠰᠤᠨ ᠤ ᠣᠶᠢᠷ᠎ᠠ ᠨᠢ ᠰᠠᠶᠢᠨ ᠂ ᠤᠷᠤᠭ ᠤᠨ ᠬᠤᠯᠠ ᠨᠢ ᠰᠠᠶᠢᠨ︾ ᠭᠡᠰᠡᠨ ᠦᠭᠡ ᠪᠠᠶᠢᠳᠠᠭ ᠃ ᠭᠡᠲᠡᠯ᠎ᠡ ᠲᠥᠯᠥᠪᠯᠡᠭᠡ ᠲᠠᠢ ᠬᠡᠦᠬᠡᠳ ᠠᠪᠬᠤ ᠤᠯᠤᠰ ᠤᠨ ᠲᠥᠷᠥ ᠶᠢᠨ ᠪᠣᠳᠣᠯᠭ᠎ᠠ ᠠᠴᠠ ᠪᠣᠯᠵᠤ ᠮᠣᠩᠭᠤᠯᠴᠤᠳ ᠤᠨ ᠭᠡᠷ ᠪᠦᠯᠢ ᠶᠢᠨ ᠪᠦᠷᠢᠯᠳᠦᠬᠦᠨ ᠳᠤ ᠣᠯᠠᠨ ᠬᠤᠪᠢᠷᠠᠯᠲᠠ ᠭᠠᠷᠴᠤ ᠢᠷᠠᠪᠠ ᠃ ︽ᠳᠡᠭᠡᠷ᠎ᠡ ᠵᠠᠭᠤᠨ ᠤ ᠨᠠᠶᠠᠭᠠᠳ ᠣᠨ ᠠᠴᠠ ᠠᠷᠠᠳ ᠤᠨ ᠨᠢᠭᠡᠳᠦᠯ ᠤᠨ ᠵᠠᠳᠠᠷᠠᠯ ᠢ ᠳᠠᠭᠠᠯᠳᠤᠨ ᠮᠠᠯ ᠤᠨᠤᠭ᠎ᠠ ᠪᠣᠯᠣᠨ ᠨᠤᠲᠤᠭ ᠪᠡᠯᠴᠢᠭᠡᠷ ᠢ ᠡᠷᠦᠬᠡ ᠳᠤ ᠳᠠᠭᠠᠭᠠᠴᠢᠯᠠᠭᠤᠯᠤᠭᠰᠠᠨ ᠠᠴᠠ ᠬᠤᠶᠢᠰᠢ ᠨᠢᠭᠡᠨ ᠠᠶᠢᠯ ᠤᠨ ᠬᠡᠷᠡᠭᠯᠡᠬᠦ ᠨᠤᠲᠤᠭ ᠪᠡᠯᠴᠢᠭᠡᠷ ᠨᠢ ᠬᠢᠵᠠᠭᠠᠷ ᠲᠠᠢ ᠪᠣᠯᠵᠤ ᠣᠳᠬᠤᠨ ᠬᠦᠦ ᠠᠴᠠ ᠪᠤᠰᠤᠳ ᠬᠦᠦ ᠨᠢ ᠬᠤᠷᠢᠮᠯᠠᠵᠤ ᠠᠶᠢᠯ ᠭᠡᠷ ᠪᠣᠯᠣᠭᠰᠠᠨ ᠪᠣᠯᠪᠠᠴᠤ ᠠᠪᠤ ᠡᠵᠢ ᠠᠴᠠ ᠪᠠᠨ ᠬᠤᠯᠠᠳᠴᠤ ᠴᠢᠳᠠᠬᠤ ᠦᠭᠡᠢ ᠠᠪᠤ ᠡᠵᠢ ᠶᠢᠨ ᠢᠶᠠᠨ ᠭᠡᠷ ᠤᠨ ᠣᠶᠢᠷᠠᠯᠴᠠᠭ᠎ᠠ ᠰᠠᠭᠤᠬᠤ ᠠᠴᠠ ᠥᠭᠡᠷ᠎ᠡ ᠠᠷᠭ᠎ᠠ ᠦᠭᠡᠢ ᠪᠣᠯᠣᠭᠰᠠᠨ ᠪᠠᠶᠢᠨ᠎ᠠ ᠃ ᠡᠶᠢᠮᠦ ᠠᠴᠠ ᠠᠪᠤ ᠡᠵᠢ ᠶᠢᠨ ᠢᠶᠠᠨ ᠭᠡᠷ ᠤᠨ ᠣᠶᠢᠷᠠᠯᠴᠠᠭ᠎ᠠ ᠨᠢ ᠬᠡᠦᠬᠡᠳ ᠤᠳ ᠨᠢ ᠠᠶᠢᠯ ᠪᠣᠯᠵᠤ ᠠᠮᠢᠳᠤᠷᠠᠬᠤ ᠦᠭᠡᠢ ᠪᠠᠶᠢᠬᠤ ᠶᠢᠨ ᠠᠷᠭ᠎ᠠ ᠦᠭᠡᠢ ᠪᠣᠯᠣᠭᠰᠠᠨ ᠠᠴᠠ ᠭᠡᠷ ᠪᠦᠯᠢ ᠶᠢᠨ ᠤᠯᠠᠮᠵᠢᠯᠠᠯᠲᠤ ᠪᠦᠷᠢᠯᠳᠦᠬᠦᠨ ᠳᠤ ᠶᠡᠭᠡ ᠬᠤᠪᠢᠷᠠᠯᠲᠠ ᠭᠠᠷᠤᠭᠰᠠᠨ ᠶᠤᠮ︾ ﹇9﹈ ᠃ ᠣᠳᠣ ᠦᠵᠦᠮᠦᠴᠢᠨ ᠤ ᠣᠯᠠᠩᠬᠢ ᠢᠳᠡᠷ ᠵᠠᠯᠠᠭᠤ ᠨᠠᠰᠤᠨ ᠤ ᠠᠶᠢᠯ ᠤᠳ ᠨᠢᠭᠡ ᠪᠤᠶᠤ ᠬᠤᠶᠠᠷ ᠬᠡᠦᠬᠡᠳ ᠠᠪᠬᠤ ᠠᠴᠠ ᠪᠣᠯᠵᠤ ᠮᠠᠯᠵᠢᠬᠤ ᠣᠷᠣᠨ ᠤ ᠬᠥᠮᠥᠨ ᠠᠮᠠ ᠶᠢᠨ ᠪᠦᠲᠦᠴᠡ ᠳᠤ ᠬᠤᠪᠢᠷᠠᠯᠲᠠ ᠭᠠᠷᠴᠤ ᠮᠠᠯᠵᠢᠬᠤ ᠣᠷᠣᠨ ᠤ ᠨᠡᠶᠢᠭᠡᠮ ᠤᠨ ᠲᠣᠭᠲᠠᠭᠤᠨ ᠬᠥᠭᠵᠢᠯᠲᠡ ᠪᠣᠯᠣᠨ ᠰᠣᠶᠣᠯ ᠤᠨ ᠬᠡᠪ ᠤᠨ ᠦᠷᠭᠦᠯᠵᠢᠯᠡᠯ ᠢ ᠨᠥᠯᠥᠭᠡᠯᠡᠬᠦ ᠪᠣᠯᠣᠭᠰᠠᠨ ᠶᠤᠮ ᠃

ᠨᠤᠲᠤᠭ ᠪᠡᠯᠴᠢᠭᠡᠷ ᠢ ᠬᠤᠪᠢᠶᠠᠭᠰᠠᠨ ᠠᠴᠠ ᠬᠤᠶᠢᠰᠢ ᠦᠵᠦᠮᠦᠴᠢᠨ ᠤ ᠮᠠᠯᠴᠢᠳ ᠥᠪᠡᠷ ᠥᠪᠡᠷ ᠤᠨ ᠢᠶᠠᠨ ᠨᠤᠲᠤᠭ ᠲᠠᠭᠠᠨ ᠸᠠᠭᠠᠷ ᠲᠣᠭᠤᠰᠬᠠᠨ ᠭᠡᠷ ᠪᠤᠶᠤ ᠮᠠᠯ ᠤᠨ ᠫᠧᠩ ᠰᠠᠷᠠᠪᠴᠢ ᠪᠠᠷᠢᠵᠤ ᠰᠠᠭᠤᠷᠢᠰᠢᠨ ᠰᠠᠭᠤᠬᠤ ᠨᠢ ᠲᠦᠭᠡᠮᠡᠯᠵᠢᠵᠦ ᠢᠷᠠᠪᠠ ᠃ ᠳᠡᠭᠡᠷ᠎ᠡ ᠵᠠᠭᠤᠨ ᠤ ᠲᠠᠪᠢᠭᠠᠳ ᠣᠨ ᠤ ᠦᠶ᠎ᠡ ᠪᠠᠷ ᠦᠵᠦᠮᠦᠴᠢᠨ ᠳᠤ ᠲᠠᠷᠢᠶ᠎ᠠ ᠲᠠᠷᠢᠬᠤ ᠪᠠᠷ ᠢᠷᠡᠭᠰᠡᠨ ᠬᠢᠲᠠᠳ ᠲᠠᠷᠢᠶᠠᠴᠢᠳ ᠪᠠᠶᠢᠰᠢᠩ ᠭᠡᠷ ᠭᠡᠳᠡᠭ ᠰᠢᠪᠠᠷ ᠭᠡᠷ ᠪᠠᠷᠢᠵᠤ ᠡᠬᠢᠯᠡᠭᠰᠡᠨ ᠭᠡᠵᠤ ᠦᠵᠦᠮᠦᠴᠢᠨ ᠤ ᠨᠠᠰᠤᠲᠠᠶᠢᠴᠤᠳ ᠬᠠᠭᠤᠴᠢᠯᠠᠳᠠᠭ ᠃ ᠪᠠᠶᠢᠰᠢᠩ ᠭᠡᠳᠡᠭ ᠦᠭᠡ ᠶᠢᠨ ᠭᠠᠷᠤᠯ ᠡᠭᠦᠰᠦᠯ ᠤᠨ ᠲᠤᠬᠠᠢ ᠶᠠᠫᠤᠨ ᠤ ᠲᠡᠦᠬᠡᠴᠢ ᠮᠢᠶᠠᠸᠠᠺᠢ ᠪᠠᠷ ︽︿ᠪᠠᠶᠢᠰᠢᠩ﹀ ᠭᠡᠳᠡᠭ ᠦᠭᠡ ᠪᠣᠯ ᠮᠣᠩᠭᠤᠯᠴᠤᠳ ᠤᠨ ᠤᠯᠠᠮᠵᠢᠯᠠᠯᠲᠤ ᠭᠡᠷ ᠢ ᠵᠢᠭᠠᠳᠠᠭ ᠦᠭᠡ ᠪᠢᠰᠢ ᠶᠤᠮ ᠃ ᠲᠡᠷᠡ ᠨᠢ ︿百姓﹀ ᠭᠡᠳᠡᠭ ᠨᠠᠩᠭᠢᠶᠠᠳ ᠲᠠᠷᠢᠶᠠᠴᠢᠨ ᠢ ᠵᠢᠭᠠᠳᠠᠭ ᠦᠭᠡ ᠪᠠᠶᠢᠵᠤ ᠬᠤᠵᠢᠮ ᠨᠢ ᠲᠡᠳᠡᠨ ᠤ ᠰᠠᠭᠤᠬᠤ ᠭᠡᠷ ᠢ ᠵᠢᠭᠠᠳᠠᠭ ᠦᠭᠡ ᠪᠣᠯᠣᠭᠰᠠᠨ ᠶᠤᠮ︾ ﹇10﹈ ᠭᠡᠵᠤ ᠲᠠᠶᠢᠯᠪᠤᠷᠢᠯᠠᠪᠠ ᠃ ᠲᠡᠷᠡ ᠦᠶ᠎ᠡ ᠠᠴᠠ ᠡᠬᠢᠯᠡᠨ ᠦᠵᠦᠮᠦᠴᠢᠨ ᠤ ᠮᠣᠩᠭᠤᠯᠴᠤᠳ ᠬᠢᠲᠠᠳ ᠰᠢᠪᠠᠷᠴᠢᠨ ᠢ ᠬᠥᠯᠥᠰᠦᠯᠡᠨ ᠲᠡᠳᠡᠨ ᠢᠶᠠᠷ ᠰᠢᠪᠠᠷ ᠭᠡᠷ ᠪᠣᠯᠬᠤ ᠪᠠᠶᠢᠰᠢᠩ ᠭᠡᠷ ᠪᠠᠷᠢᠭᠤᠯᠵᠤ ᠡᠬᠢᠯᠡᠭᠰᠡᠨ ᠪᠣᠯᠪᠠᠴᠤ ᠲᠡᠳᠦᠢ ᠯᠡ ᠶᠡᠭᠡ ᠲᠦᠭᠡᠮᠡᠯᠵᠢᠭᠡ ᠦᠭᠡᠢ ᠪᠠᠶᠢᠪᠠ ᠃ ᠪᠠᠶᠢᠰᠢᠩ ᠭᠡᠷ ᠲᠤ ᠭᠤᠣᠯᠳᠠᠭᠤ ᠡᠪᠦᠯ ᠰᠠᠭᠤᠵᠤ ᠪᠤᠰᠤᠳ ᠤᠯᠠᠷᠢᠯ ᠳᠤ ᠨᠢ ᠢᠯᠡᠭᠦᠦ ᠳᠤᠲᠠᠭᠤ ᠠᠮᠢᠳᠤᠷᠠᠯ ᠤᠨ ᠬᠡᠷᠡᠭᠰᠡᠯ ᠢᠶᠠᠨ ᠬᠤᠷᠢᠶᠠᠵᠤ ᠬᠠᠳᠠᠭᠠᠯᠠᠳᠠᠭ ᠃ ᠦᠵᠦᠮᠦᠴᠢᠨ ᠳᠤ ᠳᠡᠭᠡᠷ᠎ᠡ ᠵᠠᠭᠤᠨ ᠤ ᠶᠡᠷᠡᠭᠡᠳ ᠣᠨ ᠪᠣᠯᠲᠠᠯ᠎ᠠ ᠡᠪᠦᠯ ᠤᠨ ᠤᠯᠠᠷᠢᠯ ᠪᠣᠯᠬᠤ ᠳᠤ ᠡᠪᠦᠭᠡᠨ ᠬᠥᠭᠰᠢᠨ ᠬᠡᠦᠬᠡᠳ ᠨᠢᠯᠬ᠎ᠠ ᠶᠢ ᠪᠠᠶᠢᠰᠢᠩ ᠭᠡᠷ ᠲᠤ ᠰᠠᠭᠤᠯᠭᠠᠵᠤ ᠂ ᠲᠤᠭᠤᠯ ᠲᠠᠢ ᠦᠨᠢᠶ᠎ᠡ ᠂ ᠬᠡᠨᠵᠡ ᠢᠰᠢᠭᠡ ᠬᠤᠷᠠᠭ᠎ᠠ ᠵᠡᠷᠭᠡ ᠪᠠᠭᠤᠷᠠᠢ ᠮᠠᠯ ᠢ ᠦᠯᠡᠳᠡᠭᠡᠵᠦ ᠂ ᠢᠳᠡᠷ ᠵᠠᠯᠠᠭᠤᠴᠤᠳ ᠨᠢ ᠰᠤᠪᠠᠢ ᠮᠠᠯ ᠢᠶᠠᠨ ᠲᠠᠭᠤᠵᠤ ᠡᠪᠦᠯ ᠤᠨ ᠣᠲᠣᠷ ᠲᠤ ᠶᠠᠪᠤᠳᠠᠭ ᠃ ᠪᠠᠶᠢᠰᠢᠩ ᠭᠡᠷ ᠲᠤ ᠡᠪᠦᠯᠵᠢᠭᠰᠡᠨ ᠬᠥᠮᠥᠰ ᠢ ︽ᠰᠠᠭᠤᠷᠢᠨ ᠳᠤ ᠰᠠᠭᠤᠭᠰᠠᠨ ᠤᠯᠤᠰ︾ ᠭᠡᠵᠤ ᠬᠡᠯᠡᠳᠡᠭ ᠃ ᠣᠳᠣ ᠦᠵᠦᠮᠦᠴᠢᠨ ᠤ ᠣᠯᠠᠩᠬᠢ ᠠᠶᠢᠯ ᠤᠳ ᠮᠣᠩᠭᠤᠯ ᠭᠡᠷ ᠢᠶᠠᠨ ᠬᠤᠷᠢᠶᠠᠵᠤ ᠲᠣᠭᠤᠰᠬᠠᠨ ᠭᠡᠷ ᠲᠤ ᠰᠠᠭᠤᠬᠤ ᠪᠣᠯᠣᠭᠰᠠᠨ ᠶᠤᠮ ᠃ ᠭᠡᠷ ᠤᠨ ᠢᠶᠠᠨ ᠣᠶᠢᠷᠠᠯᠴᠠᠭ᠎ᠠ ᠬᠤᠳᠳᠤᠭ ᠮᠠᠯᠲᠠᠬᠤ ᠡᠰᠡᠬᠦᠯ᠎ᠡ ᠳᠠᠷᠤᠭᠤᠯ ᠬᠤᠳᠳᠤᠭ ᠤᠭᠰᠠᠷᠠᠬᠤ ᠮᠠᠯ ᠤᠨ ᠫᠧᠩ ᠰᠠᠷᠠᠪᠴᠢ ᠪᠠᠷᠢᠬᠤ ᠵᠡᠷᠭᠡ ᠪᠠᠷ ᠰᠠᠭᠤᠷᠢᠰᠢᠮᠠᠯ ᠮᠠᠯᠵᠢᠯ ᠤᠨ ᠠᠷᠭ᠎ᠠ ᠮᠠᠶ᠋ᠢᠭ ᠲᠤ ᠲᠣᠬᠢᠷᠠᠭᠰᠠᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠬᠢᠬᠦ ᠪᠣᠯᠣᠭᠰᠠᠨ ᠪᠠᠶᠢᠨ᠎ᠠ ᠃


ᠵᠢᠷᠤᠭ 5 ᠦᠵᠦᠮᠦᠴᠢᠨ ᠤ ᠨᠠᠶᠢᠷ ᠤᠨ ᠲᠠᠯᠠᠪᠠᠢ ᠳᠠᠬᠢ ᠮᠣᠩᠭᠤᠯ ᠭᠡᠷ ︵2004 ᠣᠨ︶

 

ᠵᠢᠷᠤᠭ 6 ᠦᠵᠦᠮᠦᠴᠢᠨ ᠤ ᠮᠣᠩᠭᠤᠯ ᠭᠡᠷ ︵1908 ᠣᠨ︶ ︵ᠵᠢᠷᠤᠭ ᠤᠨ ᠢᠷᠡᠯᠲᠡ᠄ ᠵᠡᠭᠦᠯᠲᠡ ﹇11﹈ ︶

ᠮᠠᠯᠴᠢᠳ ᠤᠨ ᠤᠯᠠᠮᠵᠢᠯᠠᠯᠲᠤ ᠮᠠᠯ ᠮᠠᠯᠵᠢᠯ ᠪᠣᠯᠣᠨ ᠣᠷᠣᠨ ᠰᠠᠭᠤᠴᠠ ᠶᠢᠨ ᠬᠤᠪᠢᠷᠠᠯ ᠳᠤ ᠭᠠᠳᠠᠭᠠᠳᠤ ᠶᠢᠨ ᠮᠣᠩᠭᠤᠯᠴᠢ ᠡᠷᠳᠡᠮᠲᠡᠳ ᠪᠠᠰᠠ ᠠᠩᠬᠠᠷᠤᠯ ᠳᠠᠭᠠᠨ ᠠᠪᠤᠭᠰᠠᠭᠠᠷ ᠢᠷᠡᠭᠰᠡᠨ ᠶᠤᠮ ᠃ ᠶᠠᠫᠤᠨ ᠤ ᠮᠣᠩᠭᠤᠯᠴᠢ ᠡᠷᠳᠡᠮᠲᠡᠨ ᠠᠴᠠ ︽ᠰᠠᠭᠤᠷᠢᠰᠢᠬᠤ ᠶᠢ ᠤᠷᠢᠶᠠᠯᠠᠭᠰᠠᠨ ᠲᠥᠷᠥ ᠶᠢᠨ ᠪᠣᠳᠣᠯᠭ᠎ᠠ ᠨᠢ ᠮᠠᠯᠴᠢᠳ ᠢ ᠪᠠᠶᠢᠰᠢᠩ ᠭᠡᠷ ᠲᠤ ᠰᠠᠭᠤᠬᠤ ᠶᠢ ᠵᠣᠷᠢᠭᠵᠢᠭᠤᠯᠵᠤ ᠪᠠᠶᠢᠨ᠎ᠠ ᠃ ᠡᠭᠦᠨ ᠠᠴᠠ ᠪᠣᠯᠵᠤ ᠮᠣᠩᠭᠤᠯ ᠭᠡᠷ ᠲᠤ ᠰᠠᠭᠤᠬᠤ ᠬᠥᠮᠥᠨ ᠤᠯᠠᠮ ᠠᠴᠠ ᠤᠯᠠᠮ ᠴᠥᠭᠡᠷᠡᠵᠦ ᠪᠠᠶᠢᠨ᠎ᠠ ᠃ ᠣᠳᠣ ᠮᠣᠩᠭᠤᠯ ᠭᠡᠷ ᠨᠢ ᠬᠥᠮᠥᠰ ᠤᠨ ᠡᠳᠦᠷ ᠲᠤᠲᠤᠮ ᠤᠨ ᠠᠮᠢᠳᠤᠷᠠᠨ ᠰᠠᠭᠤᠬᠤ ᠣᠷᠣᠨ ᠰᠠᠭᠤᠴᠠ ᠶᠢᠨ ᠴᠢᠳᠠᠮᠵᠢ ᠪᠠᠨ ᠠᠯᠳᠠᠵᠤ ᠬᠠᠷᠢᠨ ᠵᠤᠭᠠᠴᠠᠯ ᠤᠨ ᠭᠠᠵᠠᠷ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠵᠤ ᠪᠠᠶᠢᠨ᠎ᠠ ᠃ ᠮᠠᠯᠴᠢᠨ ᠮᠣᠩᠭᠤᠯᠴᠤᠳ ᠤᠨ ᠡᠳᠦᠷ ᠲᠤᠲᠤᠮ ᠤᠨ ᠠᠮᠢᠳᠤᠷᠠᠯ ᠨᠢ ᠮᠣᠩᠭᠤᠯ ᠭᠡᠷ ᠠᠴᠠ ᠪᠠᠶᠢᠰᠢᠩ ᠭᠡᠷ ᠤᠷᠤᠭᠤ ᠰᠢᠯᠵᠢᠵᠦ ᠪᠠᠶᠢᠭ᠎ᠠ ᠶᠠᠪᠤᠳᠠᠯ ᠨᠢ ᠨᠡᠭᠦᠳᠡᠯ ᠠᠮᠢᠳᠤᠷᠠᠯ ᠤᠨ ᠨᠡᠭᠦᠳᠡᠯ ᠤᠨ ᠰᠢᠨᠵᠢ ᠴᠢᠨᠠᠷ ᠨᠢ ᠤᠰᠠᠳᠴᠤ ᠪᠠᠶᠢᠭ᠎ᠠ ᠶᠢ ᠬᠠᠷᠠᠭᠤᠯᠵᠤ ᠪᠠᠶᠢᠭ᠎ᠠ ᠶᠤᠮ︾ ﹇12﹈ ᠭᠡᠵᠤ ᠪᠢᠴᠢᠭᠰᠡᠨ ᠶᠤᠮ ᠃ ᠦᠵᠦᠮᠦᠴᠢᠨ ᠳᠤ ᠣᠳᠣ ᠮᠣᠩᠭᠤᠯ ᠭᠡᠷ ᠢᠶᠠᠷ ᠣᠲᠣᠷ ᠣᠪᠣᠬᠠᠢ ᠶᠠᠪᠤᠬᠤ ᠦᠵᠡᠭᠳᠡᠯ ᠶᠡᠬᠡᠬᠡᠨ ᠴᠥᠭᠡᠷᠡᠵᠦ ᠪᠣᠢ ᠃ ᠭᠡᠲᠡᠯ᠎ᠡ ᠨᠠᠶᠢᠷ ᠨᠠᠭᠠᠳᠤᠮ ᠪᠤᠶᠤ ᠣᠪᠣᠭᠠᠨ ᠲᠠᠬᠢᠯᠭ᠎ᠠ ᠤᠷᠤᠭ ᠬᠤᠷᠢᠮ ᠵᠢᠯ ᠤᠨ ᠨᠠᠶᠢᠷ ᠪᠣᠯᠬᠤ ᠦᠶᠡᠰ ᠮᠣᠩᠭᠤᠯ ᠭᠡᠷ ᠢ ᠵᠢᠭᠳᠡᠷᠡᠭᠦᠯᠦᠨ ᠪᠣᠰᠬᠠᠵᠤ ᠲᠠᠯ᠎ᠠ ᠨᠤᠲᠤᠭ ᠢ ᠴᠢᠮᠡᠭᠯᠡᠵᠦ ᠂ ᠨᠠᠶᠢᠷ ᠨᠠᠭᠠᠳᠤᠮ ᠳᠤ ᠤᠯᠠᠮᠵᠢᠯᠠᠯᠲᠤ ᠰᠣᠶᠣᠯ ᠤᠨ ᠥᠩᠭᠡ ᠪᠣᠳᠤᠭ ᠨᠡᠮᠡᠳᠡᠭ ᠃ ᠡᠨᠡ ᠬᠦ ᠦᠵᠡᠭᠳᠡᠯ ᠨᠢ ᠮᠣᠩᠭᠤᠯ ᠭᠡᠷ ᠨᠢ ᠬᠡᠳᠦᠶᠢᠪᠡᠷ ᠮᠣᠩᠭᠤᠯᠴᠤᠳ ᠤᠨ ᠡᠳᠦᠷ ᠲᠤᠲᠤᠮ ᠤᠨ ᠠᠮᠢᠳᠤᠷᠠᠯ ᠤᠨ ᠣᠷᠣᠨ ᠰᠠᠭᠤᠴᠠ ᠶᠢᠨ ᠡᠭᠦᠷᠭᠡ ᠪᠠᠨ ᠠᠯᠳᠠᠭᠰᠠᠨ ᠪᠣᠯᠪᠠᠴᠤ ᠳᠡᠭᠡᠷᠡᠬᠢ ᠮᠡᠲᠦ ᠶᠢᠨ ᠴᠢᠬᠤᠯᠠ ᠴᠢᠬᠤᠯᠠ ᠵᠠᠩ ᠦᠢᠯᠡ ᠶᠢᠨ ᠦᠶᠡᠰ ᠳᠠᠬᠢᠨ ᠢᠯᠡᠷᠡᠵᠦ ᠪᠠᠶᠢᠭ᠎ᠠ ᠨᠢ ᠮᠣᠩᠭᠤᠯ ᠭᠡᠷ ᠤᠨ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠳᠤᠷᠠᠰᠬᠠᠯᠲᠤ ᠰᠢᠨᠵᠢ ᠪᠦᠬᠦᠢ ᠦᠨ᠎ᠡ ᠥᠷᠲᠡᠭ ᠨᠢ ᠴᠢᠬᠤᠯᠠᠴᠢᠯᠠᠭᠳᠠᠵᠤ ᠪᠠᠶᠢᠭ᠎ᠠ ᠶᠢ ᠬᠠᠷᠠᠭᠤᠯᠵᠤ ᠪᠠᠶᠢᠭ᠎ᠠ ᠶᠤᠮ ᠃ 2004 ᠣᠨ ᠤ 7 ᠰᠠᠷ᠎ᠠ ᠶᠢᠨ 28 ᠤ ᠡᠳᠦᠷ ᠠᠴᠠ 8 ᠰᠠᠷ᠎ᠠ ᠶᠢᠨ 1 ᠤ ᠡᠳᠦᠷ ᠪᠣᠯᠲᠠᠯ᠎ᠠ ᠪᠠᠷᠠᠭᠤᠨ ᠦᠵᠦᠮᠦᠴᠢᠨ ᠤ ᠲᠥᠪ ᠪᠠᠶᠠᠨ ᠠᠭᠤᠯᠠ ᠪᠠᠯᠭᠠᠰᠤᠨ ᠳᠡᠭᠡᠷ᠎ᠡ ᠶᠠᠪᠤᠭᠳᠠᠭᠰᠠᠨ ᠭᠢᠨᠢᠰ  ᠤᠨ ᠲᠡᠮᠳᠡᠭᠯᠡᠯ ᠳᠤ ᠪᠢᠴᠢᠭᠦᠯᠬᠦ 2048 ᠨᠡᠷ᠎ᠡ ᠪᠥᠬᠡ ᠶᠢᠨ ᠪᠠᠷᠢᠯᠳᠤᠭᠠᠨ ᠤ ᠶᠡᠭᠡ ᠨᠠᠭᠠᠳᠤᠮ ᠤᠨ ᠦᠶᠡᠰ ᠨᠠᠶᠢᠷ ᠤᠨ ᠲᠠᠯᠠᠪᠠᠢ ᠳᠡᠭᠡᠷ᠎ᠡ 600 ᠭᠠᠷᠤᠢ ᠮᠣᠩᠭᠤᠯ ᠭᠡᠷ ᠢ ᠵᠢᠭᠳᠡᠷᠡᠭᠦᠯᠦᠨ ᠪᠣᠰᠬᠠᠵᠤ ᠨᠠᠶᠢᠷ ᠦᠵᠡᠬᠦ ᠪᠠᠷ ᠢᠷᠡᠭᠰᠡᠨ ᠤᠯᠤᠰ ᠤᠨ ᠳᠣᠲᠣᠭᠠᠳᠤ ᠭᠠᠳᠠᠭᠠᠳᠤ ᠶᠢᠨ ᠵᠣᠴᠢᠳ ᠤᠨ ᠠᠩᠬᠠᠷᠤᠯ ᠢ ᠲᠠᠲᠠᠭᠰᠠᠨ ᠶᠤᠮ ︵ᠵᠢᠷᠤᠭ 5︶ ᠃ ᠮᠣᠩᠭᠤᠯ ᠭᠡᠷ ᠠᠴᠠ ᠪᠠᠨ ᠰᠠᠯᠤᠭᠠᠳ ᠤᠳᠠᠵᠤ ᠪᠠᠶᠢᠭ᠎ᠠ ᠮᠣᠩᠭᠤᠯᠴᠤᠳ ᠮᠣᠩᠭᠤᠯ ᠭᠡᠷ ᠤᠨ ᠢᠶᠠᠨ ᠪᠠᠷ᠎ᠠ ᠶᠢ ᠨᠢᠳᠦ ᠳᠦᠭᠦᠷᠡᠩ ᠬᠠᠷᠠᠵᠤ ᠰᠡᠳᠬᠢᠯ ᠨᠢ ᠰᠡᠷᠭᠦᠭᠰᠡᠨ ᠶᠤᠮ ᠃ 1908 ᠣᠨ ᠳᠤ ᠮᠣᠩᠭᠤᠯ ᠨᠤᠲᠤᠭ ᠢᠶᠠᠷ ᠪᠠᠶᠢᠴᠠᠭᠠᠯᠲᠠ ᠬᠢᠵᠦ ᠶᠠᠪᠤᠭᠰᠠᠨ ᠶᠠᠫᠤᠨ ᠤ ᠰᠣᠶᠣᠯ ᠤᠨ ᠬᠥᠮᠥᠨ ᠰᠤᠳᠤᠯᠤᠯ ᠤᠨ ᠡᠷᠳᠡᠮᠲᠡᠨ ᠲᠤᠷᠢᠶ᠋ᠢ ᠲᠤᠬᠠᠢ ᠶᠢᠨ ᠦᠶ᠎ᠡ ᠶᠢᠨ ᠪᠠᠷᠠᠭᠤᠨ ᠦᠵᠦᠮᠦᠴᠢᠨ ᠬᠤᠰᠢᠭᠤᠨ ᠤ ᠪᠠᠶᠢᠳᠠᠯ ᠢ ᠳᠣᠣᠷᠠᠬᠢ ᠮᠡᠲᠦ ᠲᠡᠮᠳᠡᠭᠯᠡᠨ ᠦᠯᠡᠳᠡᠭᠡᠭᠰᠡᠨ ᠪᠠᠶᠢᠨ᠎ᠠ᠄
︽ᠰᠢᠯᠢ ᠶᠢᠨ ᠭᠤᠣᠯ ᠠᠶᠢᠮᠠᠭ ᠨᠢ ᠦᠵᠦᠮᠦᠴᠢᠨ ᠂ ᠬᠠᠭᠤᠴᠢᠳ ᠂ ᠰᠥᠨᠢᠳ ᠂ ᠠᠪᠠᠭ᠎ᠠ ᠂ ᠠᠪᠠᠭ᠋ᠠᠨᠠᠷ ᠵᠡᠷᠭᠡ ᠬᠤᠰᠢᠭᠤᠳ ᠢᠶᠠᠷ ᠪᠦᠷᠢᠯᠳᠦᠭᠰᠡᠨ ᠶᠤᠮ ᠃ ᠦᠵᠦᠮᠦᠴᠢᠨ ᠨᠢ ᠵᠡᠭᠦᠨ ᠪᠠᠷᠠᠭᠤᠨ ᠬᠤᠶᠠᠷ ᠬᠤᠰᠢᠭᠤᠨ ᠳᠤ ᠬᠤᠪᠢᠶᠠᠭᠳᠠᠵᠤ ᠪᠠᠶᠢᠳᠠᠭ ᠃ ᠡᠭᠦᠨ ᠳᠤ ᠪᠠᠷᠠᠭᠤᠨ ᠪᠡᠶ᠎ᠡ ᠪᠠᠷ ᠪᠠᠶᠢᠬᠤ ᠶᠢ ᠨᠢ ᠪᠠᠷᠠᠭᠤᠨ ᠦᠵᠦᠮᠦᠴᠢᠨ ᠬᠤᠰᠢᠭᠤ ᠭᠡᠵᠤ ᠵᠡᠭᠦᠨ ᠪᠡᠶ᠎ᠡ ᠪᠠᠷ ᠪᠠᠶᠢᠬᠤ ᠶᠢ ᠨᠢ ᠵᠡᠭᠦᠨ ᠦᠵᠦᠮᠦᠴᠢᠨ ᠬᠤᠰᠢᠭᠤ ᠭᠡᠳᠡᠭ ᠃ ᠭᠠᠵᠠᠷ ᠤᠨ ᠪᠠᠶᠢᠷᠢᠰᠢᠯ ᠢ ᠨᠢ ᠪᠣᠳᠠᠲᠠᠢ ᠪᠠᠷ ᠬᠡᠯᠡᠪᠡᠯ ᠵᠡᠭᠦᠨ ᠦᠵᠦᠮᠦᠴᠢᠨ ᠬᠤᠰᠢᠭᠤ ᠨᠢ ᠶᠡᠭᠡ ᠬᠢᠩᠭᠠᠨ ᠳᠠᠪᠠᠭᠠᠨ ᠤ ᠳᠤᠮᠳᠠ ᠪᠡᠶ᠎ᠡ ᠪᠠᠷ ᠪᠠᠶᠢᠷᠢᠯᠠᠵᠤ ᠪᠠᠷᠠᠭᠤᠨ ᠦᠵᠦᠮᠦᠴᠢᠨ ᠬᠤᠰᠢᠭᠤ ᠨᠢ ᠶᠡᠭᠡ ᠬᠢᠩᠭᠠᠨ ᠳᠠᠪᠠᠭᠠᠨ ᠤ ᠪᠠᠷᠠᠭᠤᠨ ᠪᠡᠶ᠎ᠡ ᠪᠠᠷ ᠪᠠᠶᠢᠷᠢᠯᠠᠵᠤ ᠪᠠᠶᠢᠳᠠᠭ ᠃ ᠪᠠᠷᠠᠭᠤᠨ ᠦᠵᠦᠮᠦᠴᠢᠨ ᠬᠤᠰᠢᠭᠤ ᠨᠢ ᠥᠪᠥᠷ ᠮᠣᠩᠭᠤᠯ ᠤᠨ ᠬᠠᠮᠤᠭ ᠤᠨ ᠬᠤᠶᠢᠲᠤ ᠬᠡᠰᠡᠭ ᠢᠶᠠᠷ ᠪᠠᠶᠢᠷᠢᠯᠠᠵᠤ ᠮᠣᠩᠭᠤᠯ ᠤᠯᠤᠰ ᠲᠠᠢ ᠬᠢᠯᠢ ᠵᠠᠯᠭᠠᠵᠤ ᠪᠠᠶᠢᠳᠠᠭ ᠃ ᠥᠪᠥᠷ ᠮᠣᠩᠭᠤᠯ ᠤᠨ ᠳᠣᠲᠣᠷ᠎ᠠ ᠦᠵᠦᠮᠦᠴᠢᠨ ᠨᠤᠲᠤᠭ ᠪᠣᠯ ᠴᠤᠯ ᠮᠠᠯᠵᠢᠬᠤ ᠠᠮᠢᠳᠤᠷᠠᠯ ᠢᠶᠠᠨ ᠬᠠᠳᠠᠭᠠᠯᠠᠵᠤ ᠪᠠᠶᠢᠭ᠎ᠠ ᠣᠷᠣᠨ ᠨᠤᠲᠤᠭ ᠶᠤᠮ ᠃ ᠲᠡᠨᠳᠡ ᠨᠠᠩᠭᠢᠶᠠᠳ ᠴᠠᠭᠠᠴᠢᠨ ᠦᠭᠡᠢ ᠪᠠᠶᠢᠵᠤ ᠵᠥᠪᠬᠡᠨ ᠮᠣᠩᠭᠤᠯᠴᠤᠳ ᠠᠵᠤ ᠲᠥᠷᠥᠨ ᠠᠮᠢᠳᠤᠷᠠᠵᠤ ᠨᠠᠩᠭᠢᠶᠠᠳ ᠦᠭᠡ ᠬᠡᠯᠡᠵᠦ ᠴᠢᠳᠠᠬᠤ ᠬᠥᠮᠥᠨ ᠲᠣᠩ ᠴᠥᠭᠡᠨ ᠪᠠᠶᠢᠳᠠᠭ ᠃ ᠵᠥᠪᠬᠡᠨ ᠮᠣᠩᠭᠤᠯ ᠦᠭᠡ ᠪᠠᠨ ᠬᠡᠷᠡᠭᠯᠡᠵᠦ ᠪᠠᠶᠢᠳᠠᠭ ᠃ ︵ᠲᠣᠪᠴᠢᠯᠠᠯ︶ ᠡᠨᠡ ᠨᠤᠲᠤᠭ ᠤᠨ ᠮᠣᠩᠭᠤᠯᠴᠤᠳ ᠮᠣᠩᠭᠤᠯ ᠭᠡᠷ ᠳᠣᠲᠣᠷ᠎ᠠ ᠪᠠᠨ ᠠᠮᠢᠳᠤᠷᠠᠵᠤ ᠡᠪᠡᠰᠦᠨ ᠳᠡᠭᠡᠷ᠎ᠡ ᠰᠢᠷᠢᠳᠡᠭ ᠳᠡᠪᠢᠰᠴᠦ ᠲᠡᠭᠦᠨ ᠤ ᠪᠠᠨ ᠳᠡᠭᠡᠷ᠎ᠡ ᠤᠨᠲᠠᠳᠠᠭ ᠃ ᠡᠶᠢᠮᠦᠷᠬᠦᠦ ᠠᠮᠢᠳᠤᠷᠠᠯ ᠤᠨ ᠬᠡᠯᠪᠡᠷᠢ ᠶᠢ ᠨᠢ ᠦᠵᠡᠪᠡᠯ ᠡᠳᠡᠭᠡᠷ ᠭᠠᠵᠠᠷ ᠣᠷᠣᠨ ᠤ ᠠᠵᠤ ᠠᠮᠢᠳᠤᠷᠠᠯ ᠨᠢ ᠥᠩᠭᠡᠷᠡᠭᠰᠡᠨ ᠲᠠᠢ ᠪᠠᠨ ᠶᠠᠮᠠᠷ ᠴᠦ ᠢᠯᠭᠠᠭ᠎ᠠ ᠦᠭᠡᠢ ᠪᠠᠶᠢᠬᠤ ᠶᠢ ᠬᠠᠷᠠᠭᠤᠯᠵᠤ ᠪᠠᠶᠢᠬᠤ ᠶᠤᠮ ᠃ ᠠᠯᠪᠠᠨ ᠲᠤᠰᠢᠶᠠᠯᠲᠠᠳ ᠪᠣᠯᠣᠨ ᠡᠭᠡᠯ ᠠᠷᠠᠳ ᠤᠨ ᠠᠵᠤ ᠠᠮᠢᠳᠤᠷᠠᠯ ᠨᠢ ᠴᠥᠮ ᠠᠳᠠᠯᠢᠬᠠᠨ ᠪᠠᠶᠢᠳᠠᠭ ᠃ ᠨᠡᠭᠦᠵᠦ ᠢᠷᠡᠭᠰᠡᠨ ᠨᠠᠩᠭᠢᠶᠠᠳ ᠢᠷᠭᠡᠨ ᠨᠢᠭᠡ ᠴᠦ ᠦᠭᠡᠢ ᠪᠠᠶᠢᠵᠤ ᠶᠣᠰᠣᠲᠠᠢ ᠡᠷᠲᠡᠨ ᠤ ᠵᠠᠩᠰᠢᠯ ᠢᠶᠠᠨ ᠬᠠᠳᠠᠭᠠᠯᠠᠭᠰᠠᠨ ᠮᠣᠩᠭᠤᠯ ᠣᠷᠣᠨ ᠶᠤᠮ︾ ﹇13﹈ ︵ᠵᠢᠷᠤᠭ 6︶ ᠃

ᠳᠡᠭᠡᠷᠡᠬᠢ ᠲᠡᠮᠳᠡᠭᠯᠡᠯ ᠠᠴᠠ ᠪᠢᠳᠠ ᠵᠠᠭᠤᠭᠠᠳ ᠵᠢᠯ ᠤᠨ ᠡᠮᠦᠨᠡᠬᠢ ᠦᠵᠦᠮᠦᠴᠢᠨ ᠨᠤᠲᠤᠭ ᠪᠣᠯ ᠮᠠᠯᠴᠢᠨ ᠮᠣᠩᠭᠤᠯᠴᠤᠳ ᠮᠣᠩᠭᠤᠯ ᠭᠡᠷ ᠲᠡᠭᠡᠨ ᠠᠵᠤ ᠲᠥᠷᠥᠵᠦ ᠠᠮᠢᠳᠤᠷᠠᠭᠰᠠᠨ ᠥᠪᠥᠷ ᠮᠣᠩᠭᠤᠯ ᠤᠨ ᠴᠥᠭᠡᠨ ᠬᠡᠳᠦᠨ ᠴᠣᠯ ᠮᠠᠯᠵᠢᠬᠤ ᠣᠷᠣᠨ ᠤ ᠨᠢᠭᠡ ᠪᠠᠶᠢᠭᠰᠠᠨ ᠢ ᠣᠯᠵᠤ ᠬᠠᠷᠠᠨ᠎ᠠ ᠃ ᠲᠤᠷᠢᠶ᠋ᠢ ᠶᠢᠨ ᠪᠠᠶᠢᠴᠠᠭᠠᠯᠲᠠ ᠨᠢ ᠵᠠᠭᠤᠭᠠᠳ ᠵᠢᠯ ᠤᠨ ᠴᠠᠭ ᠬᠤᠭᠤᠴᠠᠭ᠎ᠠ ᠶᠢ ᠥᠩᠭᠡᠷᠡᠵᠦ ᠦᠵᠦᠮᠦᠴᠢᠨ ᠨᠤᠲᠤᠭ ᠤᠨ ᠠᠮᠢ ᠠᠬᠤᠢ ᠬᠥᠮᠥᠨ ᠠᠷᠠᠳ ᠤᠨ ᠠᠮᠢᠳᠤᠷᠠᠯ ᠶᠡᠬᠡᠬᠡᠨ ᠬᠤᠪᠢᠷᠠᠯᠲᠠ ᠲᠠᠢ ᠪᠣᠯᠣᠭᠰᠠᠨ ᠪᠣᠯᠪᠠᠴᠤ ᠨᠠᠶᠢᠷ ᠨᠠᠭᠠᠳᠤᠮ ᠣᠪᠣᠭ᠎ᠠ ᠤᠰᠤᠨ ᠤ ᠲᠠᠬᠢᠯᠭ᠎ᠠ ᠶᠢᠨ ᠦᠶ᠎ᠡ ᠳᠤ ᠦᠵᠦᠮᠦᠴᠢᠨ ᠤ ᠮᠣᠩᠭᠤᠯᠴᠤᠳ ᠮᠥᠨ ᠯᠡ ᠮᠣᠩᠭᠤᠯ ᠭᠡᠷ ᠢᠶᠠᠨ ᠪᠠᠷᠢᠵᠤ ᠪᠠᠶᠢᠳᠠᠭ ᠨᠢ ᠦᠵᠦᠮᠦᠴᠢᠨ ᠮᠣᠩᠭᠤᠯᠴᠤᠳ ᠤᠨ ᠤᠯᠠᠮᠵᠢᠯᠠᠯᠲᠤ ᠰᠣᠶᠣᠯ ᠳᠠᠭᠠᠨ ᠬᠠᠨᠳᠤᠬᠤ ᠨᠡᠶᠢᠲᠡᠯᠢᠭ ᠰᠡᠳᠬᠢᠯᠭᠡ ᠶᠢ ᠬᠠᠷᠠᠭᠤᠯᠵᠤ ᠪᠠᠶᠢᠭ᠎ᠠ ᠶᠤᠮ ᠃
ᠬᠡᠳᠦᠶᠢᠪᠡᠷ ᠦᠵᠦᠮᠦᠴᠢᠨ ᠨᠤᠲᠤᠭ ᠤᠨ ᠪᠠᠶᠢᠭᠠᠯᠢ ᠠᠬᠤᠢ ᠂ ᠬᠥᠮᠥᠨ ᠠᠷᠠᠳ ᠤᠨ ᠠᠮᠢᠳᠤᠷᠠᠯ ᠂ ᠠᠮᠢᠲᠠᠨ ᠵᠢᠭᠦᠷᠲᠡᠨ ᠤ ᠬᠡᠯᠪᠡᠷᠢ ᠲᠥᠷᠬᠦ ᠨᠢ ᠠᠵᠤ ᠠᠬᠤᠢ ᠰᠣᠶᠣᠯ ᠤᠨ ᠳᠠᠶᠠᠭᠠᠷᠰᠢᠯ ᠤᠨ ᠬᠠᠯᠠᠭᠤᠨ ᠤᠷᠤᠰᠬᠠᠯ ᠳᠤ ᠬᠠᠮᠤᠭᠳᠠᠨ ᠨᠤᠬᠤᠴᠢᠭᠳᠠᠵᠤ ᠪᠠᠶᠢᠭ᠎ᠠ ᠪᠣᠯᠪᠠᠴᠤ ᠦᠵᠦᠮᠦᠴᠢᠨ ᠨᠤᠲᠤᠭ ᠪᠣᠯ ᠮᠣᠩᠭᠤᠯ ᠪᠥᠭᠡ ᠶᠢᠨ ᠲᠠᠭᠰᠢᠨ ᠣᠷᠣᠨ ᠂ ᠮᠣᠩᠭᠤᠯ ᠮᠣᠷᠢᠨ ᠤ ᠰᠢᠨᠳᠠᠰᠤᠲᠤ ᠨᠤᠲᠤᠭ ᠂ ᠨᠡᠭᠦᠳᠡᠯ ᠰᠣᠶᠣᠯ ᠤᠨ ᠭᠤᠯᠣᠮᠲᠠ ᠶᠢᠨ ᠴᠤᠭ ᠢ ᠥᠪᠯᠡᠵᠦ ᠬᠤᠴᠣᠷᠤᠭᠰᠠᠨ ᠲᠠᠩᠰᠤᠭ ᠠᠬᠤᠢ ᠪᠠᠶᠢᠳᠠᠭ ᠢᠶᠠᠷ ᠢᠶᠠᠨ ᠲᠡᠦᠬᠡ ᠶᠢᠨ ᠬᠠᠭᠤᠳᠠᠰᠤᠨ᠎ᠠ ᠪᠥᠷᠲᠥᠯᠵᠡᠨ ᠦᠯᠡᠳᠡᠵᠦ ᠤᠯᠤᠰ ᠤᠨ ᠳᠣᠲᠣᠭᠠᠳᠤ ᠭᠠᠳᠠᠭᠠᠳᠤ ᠶᠢᠨ ᠡᠷᠳᠡᠮᠲᠡᠨ ᠮᠡᠷᠭᠡᠳ ᠠᠶᠠᠯᠠᠯ ᠵᠢᠭᠤᠯᠴᠢᠯᠠᠭᠴᠢᠳ ᠤᠨ ᠬᠠᠯᠠᠭᠤᠨ ᠬᠦᠷᠢᠶᠡᠯᠡᠯ ᠢ ᠣᠯᠣᠭᠰᠠᠭᠠᠷ ᠢᠷᠡᠭᠰᠡᠨ ᠶᠤᠮ ᠃ ᠡᠨᠡ ᠬᠦ ᠰᠣᠶᠣᠯ ᠤᠨ ᠶᠡᠭᠡ ᠭᠤᠯᠣᠮᠲᠠ ᠶᠢᠨ ᠲᠣᠭᠤᠷᠢᠨ ᠳᠤ ᠪᠡᠭᠡᠷᠡᠭᠰᠡᠨ ᠰᠡᠳᠬᠢᠯ ᠢᠶᠠᠨ ᠪᠦᠯᠢᠶᠡᠰᠬᠡᠵᠦ ᠢᠵᠠᠭᠤᠷ ᠰᠣᠶᠣᠯ ᠤᠨ ᠰᠢᠮ᠎ᠡ ᠬᠦᠴᠦᠨ ᠳᠤ ᠥᠨᠥᠴᠢᠨ ᠢᠨᠵᠠᠭ᠎ᠠ ᠪᠣᠯᠣᠭᠰᠠᠨ ᠥᠪᠡᠷ ᠪᠢ ᠶᠢᠨ ᠠᠳᠠᠯᠢᠰᠢᠯ ᠤᠨ ᠤᠬᠠᠮᠰᠠᠷ ᠢᠶᠠᠨ ᠲᠠᠨᠢᠬᠤ ᠶᠢ ᠭᠤᠷᠢᠯᠠᠳᠠᠭ ᠨᠢ ᠮᠠᠰᠢ ᠣᠯᠠᠨ ᠮᠣᠩᠭᠤᠯ ᠡᠯᠢᠭᠡᠲᠡᠨ ᠤ ᠨᠡᠶᠢᠲᠡ ᠶᠢᠨ ᠮᠥᠷᠥᠭᠡᠳᠦᠯ ᠪᠣᠯᠣᠭᠰᠠᠨ ᠶᠤᠮ ᠃
ᠵᠡᠭᠦᠯᠲᠡ᠄

﹇1﹈ ﹇6﹈ ﹇7﹈ ︽西乌珠穆沁旗旗志︾ 编纂委员会编 2004 ︽西乌珠穆沁旗旗志︾海拉尔᠄内蒙古文化出版社 p.67。
﹇2﹈ ﹇3﹈ ﹇5﹈ 宮脇淳子 ︵Miyawaki Junko︶ 2002『モンゴル歴史』東京᠄刀水書房 ︵ᠮᠢᠶᠠᠸᠠᠺᠢ ᠵᠦᠨᠺᠤ ︽ᠮᠣᠩᠭᠤᠯ ᠲᠡᠦᠬᠡ︾︶ p.149, p.150, p.150。
﹇4﹈ ﹇8﹈ ᠭᠤ ᠂ ᠷᠠᠬᠤ ᠎ᠡ 1998 ︽ᠦᠵᠦᠮᠦᠴᠢᠨ ᠮᠣᠩᠭᠤᠯᠴᠤᠳ︾ ᠬᠥᠬᠡᠬᠤᠲᠠ᠄ ᠥᠪᠥᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠂ p.29, p.31᠃
﹇9﹈ 楊海英 1994『オルドス・モンゴル族の社会構造』︵博士論文︶ 総合研究大学院大学文化科学研究科 ︵ᠶᠠᠩ ᠬᠠᠢ ᠶᠢᠩ ︽ᠣᠷᠳᠣᠰ ᠮᠣᠩᠭᠤᠯᠴᠤᠳ ᠤᠨ ᠨᠡᠶᠢᠭᠡᠮ ᠤᠨ ᠪᠦᠲᠦᠴᠡ︾ ︵ᠳ᠋ᠣᠺᠲ᠋ᠣᠷ ᠥᠭᠦᠯᠡᠯ︶ ᠶᠡᠷᠦᠩᠬᠡᠶᠢᠯᠡᠭᠰᠡᠨ ᠰᠤᠳᠤᠯᠭᠠᠨ ᠤ ᠬᠦᠷᠢᠶᠡᠯᠡᠩ ᠤᠨ ᠰᠤᠳᠤᠯᠤᠨ ᠰᠤᠷᠤᠭᠴᠢ ᠶᠢᠨ ᠬᠦᠷᠢᠶᠡᠯᠡᠩ ᠤᠨ ᠰᠣᠶᠣᠯ ᠰᠤᠳᠤᠯᠭᠠᠨ ᠤ ᠰᠠᠯᠪᠤᠷᠢ︶ p.19。
﹇10﹈ 宮家準 ︵Miyake Hitoshi︶ 2002『民俗宗教と日本社会』東京᠄東京大学出版会 ︵ᠮᠢᠶᠠᠺᠧ ᠾᠢᠲ᠋ᠤᠰᠢ ︽ᠠᠷᠠᠳ ᠤᠨ ᠱᠠᠰᠢᠨ ᠪᠣᠯᠣᠨ ᠶᠠᠫᠤᠨᠴᠤᠳ ᠤᠨ ᠨᠡᠶᠢᠭᠡᠮ︾︶ p.154。
﹇11﹈ ﹇13﹈ 鳥居龍藏 ︵Torii Ryuzo︶ 1937 ︵1976︶「烏珠穆沁右旗訪問・塩湖」『鳥居龍藏全集 第6巻』東京᠄朝日新聞社 pp.437-441 ︵ᠲᠤᠷᠢᠶ᠋ᠢ ᠷᠢᠤᠽᠤ ︿ᠪᠠᠷᠠᠭᠤᠨ ᠦᠵᠦᠮᠦᠴᠢᠨ ᠬᠤᠰᠢᠭᠤ ᠪᠠᠷ ᠰᠤᠷᠪᠤᠯᠵᠢᠯᠠᠭᠰᠠᠨ ᠨᠢ ᠂ ᠡᠵᠢ ᠨᠠᠭᠤᠷ﹀ ︽ᠲᠤᠷᠢᠶ᠋ᠢ ᠷᠢᠤᠽᠤ ᠶᠢᠨ ᠪᠦᠷᠢᠨ ᠲᠡᠭᠦᠪᠦᠷᠢ 6 ᠳ᠋ᠤᠭᠠᠷ ᠪᠣᠳᠢ ︾︶ p.438, p.438。

﹇12﹈ 小長谷有紀 ︵Konagaya Yuki︶ 2001「定住過程におけるモンゴル族の牧畜経営―錫林浩特(シリンホト)市内の事例から」『現代中国の民族と経済』東京᠄世界思想社 ︵ᠺᠤᠨᠠᠭᠠᠶ᠋ᠨ ᠶᠦᠺᠢ ︿ᠰᠠᠭᠤᠷᠢᠰᠢᠯ ᠤᠨ ᠶᠠᠪᠤᠴᠠ ᠳᠠᠬᠢ ᠮᠣᠩᠭᠤᠯᠴᠤᠳ ᠤᠨ ᠮᠠᠯ ᠠᠵᠤ ᠠᠬᠤᠢ ᠶᠢᠨ ᠡᠵᠡᠩᠨᠡᠯᠲᠡ — ᠰᠢᠯᠢ ᠶᠢᠨ ᠬᠤᠲᠠ ᠶᠢᠨ ᠬᠤᠲᠠ ᠶᠢᠨ ᠳᠤᠮᠳᠠᠬᠢ ᠵᠢᠱᠢᠶᠡᠨ ᠠᠴᠠ﹀ ︽ᠣᠳᠣ ᠦᠶ᠎ᠡ ᠶᠢᠨ ᠳᠤᠮᠳᠠᠳᠤ ᠤᠯᠤᠰ ᠤᠨ ᠦᠨᠳᠦᠰᠦᠲᠡᠨ ᠪᠣᠯᠣᠨ ᠠᠵᠤ ᠠᠬᠤᠢ︾︶ p.188。


ᠬᠤᠶᠠᠷ ᠬᠠᠮᠤᠭ ᠰᠡᠭᠦᠯᠴᠢ ᠶᠢᠨ ᠨᠡᠭᠦᠳᠡᠯ ᠤᠨ ᠪᠠᠭᠤᠴᠠ

16 ᠳ᠋ᠤᠭᠠᠷ ᠵᠠᠭᠤᠨ ᠤ ᠰᠡᠭᠦᠯᠴᠢ ᠪᠠᠷ ᠲᠥᠪᠡᠳ ᠤᠨ ᠪᠤᠷᠬᠠᠨ ᠱᠠᠰᠢᠨ ᠮᠣᠩᠭᠤᠯ ᠣᠷᠣᠨ ᠳᠤ ᠣᠷᠣᠵᠤ ᠢᠷᠡᠭᠰᠡᠨ ᠤ ᠳᠠᠷᠠᠭ᠎ᠠ ᠮᠣᠩᠭᠤᠯᠴᠤᠳ ᠪᠤᠷᠬᠠᠨ ᠱᠠᠰᠢᠨ ᠢ ᠰᠢᠲᠦᠵᠦ ᠡᠬᠢᠯᠡᠪᠡ ᠃ ᠮᠣᠩᠭᠤᠯ ᠣᠷᠣᠨ ᠳᠤ ᠪᠤᠷᠬᠠᠨ ᠱᠠᠰᠢᠨ ᠤ ᠳᠡᠯᠭᠡᠷᠡᠭᠰᠡᠨ ᠪᠠᠶᠢᠳᠠᠯ ᠤᠨ ᠲᠤᠬᠠᠢ ᠲᠤᠷᠢᠶ᠋ᠢ ᠠᠴᠠ ︽ᠮᠣᠩᠭᠤᠯᠴᠤᠳ ᠶᠡᠭᠡ ᠡᠷᠲᠡᠨ ᠠᠴᠠ ᠪᠥᠭᠡ ᠮᠥᠷᠭᠦᠯ ᠤᠨ ᠱᠠᠰᠢᠨ ᠢ ᠰᠢᠲᠦᠵᠦ ᠪᠠᠶᠢᠭᠰᠠᠨ ᠶᠤᠮ ᠃ 1577 ᠣᠨ ᠠᠴᠠ ᠬᠤᠶᠢᠰᠢ ᠯᠠᠮᠠ ᠶᠢᠨ ᠱᠠᠰᠢᠨ ᠣᠷᠣᠵᠤ ᠢᠷᠠᠪᠠ ᠃ ᠡᠭᠦᠨ ᠢ ᠮᠣᠩᠭᠤᠯᠴᠤᠳ ᠤᠨ ᠱᠠᠰᠢᠨ ᠰᠢᠲᠦᠯᠭᠡ ᠶᠢᠨ ᠲᠡᠦᠬᠡᠨ ᠳᠡᠭᠡᠷᠡᠬᠢ ᠨᠢᠭᠡᠨ ᠶᠡᠭᠡ ᠬᠤᠪᠢᠰᠬᠠᠯ ᠭᠡᠵᠤ ᠬᠡᠯᠡᠬᠦ ᠦᠭᠡᠢ ᠪᠠᠶᠢᠬᠤ ᠶᠢᠨ ᠠᠷᠭ᠎ᠠ ᠦᠭᠡᠢ ᠶᠤᠮ︾ ﹇1﹈ ᠭᠡᠵᠤ ᠳ᠋ᠦᠩᠨᠡᠭᠰᠡᠨ ᠶᠤᠮ ᠃
ᠪᠤᠷᠬᠠᠨ ᠱᠠᠰᠢᠨ ᠤ ᠣᠷᠣᠵᠤ ᠢᠷᠡᠬᠦ ᠶᠢ ᠳᠠᠭᠠᠯᠳᠤᠨ ᠮᠣᠩᠭᠤᠯ ᠣᠷᠣᠨ ᠳᠤ ᠰᠦᠮ᠎ᠡ ᠬᠡᠶᠢᠳ ᠲᠦᠭᠡᠮᠡᠯᠵᠢᠵᠦ ᠡᠬᠢᠯᠡᠭᠰᠡᠨ ᠶᠤᠮ ᠃ ᠦᠵᠦᠮᠦᠴᠢᠨ ᠨᠤᠲᠤᠭ ᠲᠤ 17 ᠳ᠋ᠤᠭᠠᠷ ᠵᠠᠭᠤᠨ ᠤ ᠳᠤᠮᠳᠠᠴᠢ ᠦᠶ᠎ᠡ ᠪᠠᠷ ᠸᠠᠩ ᠭᠦᠩ ᠢᠵᠠᠭᠤᠷᠲᠠᠳ ᠠᠴᠠ ᠡᠬᠢᠯᠡᠨ ᠰᠢᠲᠦᠵᠦ ᠪᠠᠶᠢᠭᠰᠠᠨ ᠪᠥᠭᠡ ᠶᠢᠨ ᠱᠠᠰᠢᠨ ᠢᠶᠠᠨ ᠬᠠᠶᠠᠵᠤ ᠪᠤᠷᠬᠠᠨ ᠤ ᠱᠠᠰᠢᠨ ᠢ ᠰᠢᠲᠦᠬᠦ ᠪᠣᠯᠪᠠ ᠃ ᠦᠵᠦᠮᠦᠴᠢᠨ ᠨᠤᠲᠤᠭ ᠲᠤ ᠴᠢᠩ ᠤᠯᠤᠰ ᠤᠨ ᠨᠣᠶᠠᠷᠬᠠᠯ ᠤᠨ ᠦᠶ᠎ᠡ ᠳᠤ ᠪᠤᠷᠬᠠᠨ ᠱᠠᠰᠢᠨ ᠬᠥᠭᠵᠢᠩᠭᠦᠢ ᠳᠡᠯᠭᠡᠷᠡᠵᠦ ᠳᠤᠮᠳᠠᠳᠤ ᠢᠷᠭᠡᠨ ᠤᠯᠤᠰ ᠤᠨ ᠦᠶ᠎ᠡ ᠳᠤ ᠪᠠᠭᠤᠷᠠᠵᠤ ᠡᠬᠢᠯᠡᠭᠰᠡᠨ ᠶᠤᠮ ᠃ ᠪᠠᠷᠠᠭᠤᠨ ᠦᠵᠦᠮᠦᠴᠢᠨ ᠬᠤᠰᠢᠭᠤᠨ ᠤ ᠪᠠᠶᠢᠳᠠᠯ ᠢᠶᠠᠷ ᠦᠵᠡᠪᠡᠯ ᠲᠤᠰ ᠬᠤᠰᠢᠭᠤᠨ ᠤ ᠬᠠᠮᠤᠭ ᠠᠩᠬᠠᠨ ᠤ ᠰᠦᠮ᠎ᠡ ᠨᠢ 1656 ᠣᠨ ᠳᠤ ᠪᠠᠶᠢᠭᠤᠯᠤᠭᠳᠠᠵᠤ 1945 ᠣᠨ ᠪᠣᠯᠬᠤ ᠳᠤ 23 ᠰᠦᠮ᠎ᠡ ᠲᠠᠢ ᠪᠠᠶᠢᠵᠤ 6,000 ᠭᠠᠷᠤᠢ ᠯᠠᠮᠠ ᠨᠠᠷ ᠬᠤᠷᠠᠯ ᠨᠣᠮ ᠬᠤᠷᠠᠵᠤ ᠪᠠᠶᠢᠪᠠ ﹇2﹈ ᠃ ᠭᠡᠲᠡᠯ᠎ᠡ ᠰᠣᠶᠣᠯ ᠤᠨ ᠬᠤᠪᠢᠰᠬᠠᠯ ᠤᠨ ᠦᠶ᠎ᠡ ᠳᠤ ᠮᠣᠩᠭᠤᠯ ᠤᠨ ᠪᠤᠰᠤᠳ ᠭᠠᠵᠠᠷ ᠣᠷᠣᠨ ᠨᠤᠭᠤᠳ ᠲᠠᠢ ᠠᠳᠠᠯᠢ ᠪᠠᠷ ᠡᠳᠡᠭᠡᠷ ᠰᠦᠮ᠎ᠡ ᠬᠡᠶᠢᠳ ᠤᠳ ᠡᠪᠳᠡᠭᠳᠡᠵᠦ ᠯᠠᠮᠠ ᠨᠠᠷ ᠤᠨ ᠰᠠᠬᠢᠯ ᠰᠠᠨᠸᠠᠷ ᠢ ᠨᠢ ᠬᠠᠶᠠᠭᠤᠯᠵᠤ ᠬᠠᠷ᠎ᠠ ᠪᠣᠯᠭᠠᠪᠠ ᠃ 1980 ‍ᠭᠠᠳ ᠣᠨ ᠳᠤ ᠣᠷᠣᠭᠠᠳ ᠮᠠᠨ ᠤ ᠤᠯᠤᠰ ᠤᠨ ᠱᠠᠰᠢᠨ ᠰᠢᠲᠦᠯᠭᠡ ᠶᠢᠨ ᠲᠥᠷᠥ ᠶᠢᠨ ᠪᠣᠳᠣᠯᠭ᠎ᠠ ᠠᠭᠤᠵᠢᠭᠤ ᠪᠣᠯᠣᠭᠰᠠᠨ ᠠᠴᠠ ᠡᠯ᠎ᠡ ᠦᠨᠳᠦᠰᠦᠲᠡᠨ ᠤ ᠱᠠᠰᠢᠨ ᠰᠢᠲᠦᠯᠭᠡ ᠶᠢᠨ ᠡᠷᠬᠡ ᠴᠢᠯᠦᠭᠡ ᠬᠠᠤᠯᠢ ᠶᠢᠨ ᠬᠠᠮᠠᠭᠠᠯᠠᠯᠲᠠ ᠶᠢ ᠣᠯᠪᠠ ᠃ ᠢᠩᠭᠢᠭᠡᠳ ᠰᠣᠶᠣᠯ ᠤᠨ ᠬᠤᠪᠢᠰᠬᠠᠯ ᠤᠨ ᠦᠶ᠎ᠡ ᠳᠤ ᠡᠪᠳᠡᠭᠰᠡᠨ ᠰᠦᠢᠳᠦᠭᠰᠡᠨ ᠰᠦᠮ᠎ᠡ ᠬᠡᠶᠢᠳ ᠢ ᠵᠠᠰᠠᠨ ᠰᠡᠯᠪᠢᠵᠦ ᠨᠤᠲᠤᠭ ᠲᠠᠭᠠᠨ ᠪᠤᠴᠠᠭᠰᠠᠨ ᠯᠠᠮᠠ ᠨᠠᠷ ᠢ ᠰᠦᠮ᠎ᠡ ᠳᠤ ᠨᠢ ᠢᠷᠡᠭᠦᠯᠵᠦ ᠬᠤᠷᠠᠯ ᠬᠤᠢ ᠶᠢ ᠨᠢ ᠰᠡᠷᠭᠦᠭᠡᠵᠦ ᠥᠭᠭᠦᠭᠰᠡᠨ ᠶᠤᠮ ᠃ 1999 ᠣᠨ ᠤ ᠪᠦᠷᠢᠳᠬᠡᠯ ᠢ ᠦᠨᠳᠦᠰᠦᠯᠡᠪᠡᠯ ᠣᠳᠣ ᠪᠠᠷᠠᠭᠤᠨ ᠦᠵᠦᠮᠦᠴᠢᠨ ᠬᠤᠰᠢᠭᠤᠨ ᠳᠤ 96 ᠯᠠᠮᠠ ᠪᠠᠶᠢᠵᠤ ᠪᠤᠷᠬᠠᠨ ᠱᠠᠰᠢᠨ ᠤ ᠠᠵᠢᠯᠯᠠᠭ᠎ᠠ ᠶᠢ ᠭᠦᠢᠴᠡᠳᠬᠡᠵᠦ ᠪᠠᠶᠢᠨ᠎ᠠ ﹇3﹈ ᠃
ᠰᠦᠮ᠎ᠡ ᠬᠡᠶᠢᠳ ᠪᠣᠯᠣᠨ ᠯᠠᠮᠠ ᠨᠠᠷ ᠤᠨ ᠲᠤᠭ᠎ᠠ ᠤᠤᠯ ᠤᠨ ᠬᠢ ᠠᠴᠠ ᠪᠠᠨ ᠬᠤᠯᠠ ᠪᠠᠭᠠᠰᠤᠭᠰᠠᠨ ᠪᠣᠯᠪᠠᠴᠤ ᠦᠵᠦᠮᠦᠴᠢᠨ ᠨᠤᠲᠤᠭ ᠲᠤ ᠯᠠᠮᠠ ᠨᠠᠷ ᠮᠥᠨ ᠢᠲᠡᠭᠡᠯ ᠬᠦᠨᠳᠦᠲᠡᠢ ᠪᠠᠶᠢᠳᠠᠭ ᠃ ᠣᠪᠣᠭᠠᠨ ᠲᠠᠬᠢᠯᠭ᠎ᠠ ᠪᠤᠶᠤ ᠣᠷᠣᠰᠢᠭᠤᠯᠭ᠎ᠠ ᠶᠢᠨ ᠶᠠᠪᠤᠳᠠᠯ ᠵᠡᠷᠭᠡ ᠴᠢᠬᠤᠯᠠ ᠶᠠᠪᠤᠳᠠᠯ ᠤᠴᠢᠷ ᠳᠡᠭᠡᠷ᠎ᠡ ᠯᠠᠮᠠ ᠨᠠᠷ ᠢ ᠵᠠᠯᠠᠵᠤ ᠨᠣᠮ ᠤᠩᠰᠢᠭᠤᠯᠵᠤ ᠲᠤᠬᠠᠢ ᠶᠢᠨ ᠵᠠᠩ ᠦᠢᠯᠡ ᠶᠢᠨ ᠶᠠᠪᠤᠳᠠᠯ ᠢ ᠭᠦᠢᠴᠡᠳᠬᠡᠳᠡᠭ ᠃ ᠤᠤᠯ ᠨᠢ ᠰᠦᠮ᠎ᠡ ᠪᠦᠷᠢ ᠳᠤ ᠭᠡᠭᠡᠨ ᠲᠠᠢ ᠪᠠᠶᠢᠭᠰᠠᠨ ᠪᠣᠯᠬᠤᠷ ᠰᠦᠮ᠎ᠡ ᠶᠢᠨ ᠡᠯ᠎ᠡ ᠵᠦᠢᠯ ᠤᠨ ᠬᠤᠷᠠᠯ ᠴᠤᠭᠯᠠᠭᠠᠨ ᠬᠥᠷ ᠬᠥᠭᠵᠢᠶᠡᠨ ᠲᠠᠢ ᠶᠠᠪᠤᠭᠳᠠᠳᠠᠭ ᠪᠠᠶᠢᠪᠠ ᠃ ᠰᠦᠮ᠎ᠡ ᠶᠢᠨ ᠬᠤᠷᠠᠯ ᠳᠡᠭᠡᠷ᠎ᠡ ᠭᠡᠭᠡᠨ ᠠᠴᠠ ᠮᠥᠷᠭᠦᠯᠴᠢᠳ ᠲᠤ ᠠᠳᠢᠰ ᠲᠠᠯᠪᠢᠳᠠᠭ ᠪᠠᠶᠢᠪᠠ ᠃ 2004 ᠣᠨ ᠤ 8 ᠰᠠᠷ᠎ᠠ ᠳᠤ ᠪᠢ ᠵᠡᠭᠦᠨ ᠦᠵᠦᠮᠦᠴᠢᠨ ᠬᠤᠰᠢᠭᠤᠨ ᠤ ᠰᠢᠨ᠎ᠡ ᠰᠦᠮ᠎ᠡ ᠳᠡᠭᠡᠷ᠎ᠡ ᠪᠠᠶᠢᠴᠠᠭᠠᠯᠲᠠ ᠬᠢᠬᠦ ᠪᠠᠷ ᠣᠴᠢᠪᠠ ᠃ ᠲᠤᠰ ᠰᠦᠮ᠎ᠡ ᠶᠢᠨ ᠭᠡᠭᠡᠨ ᠨᠢ ᠡᠷᠡᠭᠦᠯ ᠲᠡᠩᠬᠡᠯᠡᠭᠦᠨ ᠪᠠᠶᠢᠭᠰᠠᠨ ᠪᠣᠯᠬᠤᠷ ᠣᠯᠠᠨ ᠮᠥᠷᠭᠦᠯᠴᠢᠳ ᠴᠤᠭᠯᠠᠷᠠᠭᠰᠠᠨ ᠪᠠᠶᠢᠪᠠ ᠃ ᠰᠦᠮ᠎ᠡ ᠶᠢᠨ ᠰᠤᠳᠤᠷ ᠢ ᠡᠭᠦᠷᠴᠦ ᠭᠤᠷᠢᠶ᠎ᠠ ᠲᠣᠭᠤᠷᠢᠵᠤ ᠪᠠᠶᠢᠭ᠎ᠠ ᠮᠥᠷᠭᠦᠯᠴᠢᠳ ᠪᠠᠰᠠ ᠪᠠᠶᠢᠪᠠ ︵ᠵᠢᠷᠤᠭ 7︶ ᠃ ᠮᠥᠷᠭᠦᠯᠴᠢᠳ ᠤᠨ ᠵᠣᠪᠠᠯᠠᠩ ᠵᠦᠳᠡᠭᠦᠷᠢ ᠶᠢᠨ ᠠᠳᠠᠯᠢ ᠪᠤᠰᠤ ᠠᠴᠠ ᠪᠣᠯᠵᠤ ᠡᠭᠦᠷᠬᠦ ᠰᠤᠳᠤᠷ ᠤᠨ ᠲᠥᠷᠥᠯ ᠵᠦᠢᠯ ᠪᠣᠯᠣᠨ ᠭᠤᠷᠢᠶ᠎ᠠ ᠡᠷᠭᠢᠬᠦ ᠲᠤᠭ᠎ᠠ ᠨᠢ ᠠᠳᠠᠯᠢ ᠦᠭᠡᠢ ᠪᠠᠶᠢᠳᠠᠭ ᠭᠡᠵᠤ ᠲᠤᠬᠠᠢ ᠶᠢᠨ ᠰᠦᠮ᠎ᠡ ᠶᠢᠨ ᠮᠠᠮᠠ ᠨᠠᠷ ᠬᠠᠭᠤᠴᠢᠯᠠᠵᠤ ᠪᠠᠶᠢᠪᠠ ᠃ ᠶᠠᠫᠤᠨ ᠳᠤ ᠴᠦ ᠭᠡᠰᠡᠨ ᠬᠠᠢ ᠠᠡ ᠦᠶ᠎ᠡ ᠶᠢᠨ ᠰᠡᠭᠦᠯᠴᠢ ᠶᠢᠨ ᠦᠶ᠎ᠡ ᠠᠴᠠ ᠰᠦᠮ᠎ᠡ ᠶᠢ ᠵᠠᠭᠤᠨᠲᠠ ᠡᠷᠭᠢᠬᠦ ᠳᠠᠳᠬᠠᠯ ᠪᠠᠶᠢᠪᠠ ᠃ ᠰᠠᠨᠠᠭᠰᠠᠨ ᠬᠦᠰᠡᠯ ᠢ ᠪᠡᠶᠡᠯᠡᠭᠦᠯᠵᠦ ᠥᠭᠳᠡᠭ ᠪᠤᠷᠬᠠᠨ ᠳᠤ ᠵᠠᠭᠤ ᠤᠳᠠᠭ᠎ᠠ ᠣᠴᠢᠵᠤ ᠳᠠᠭᠠᠳᠬᠠᠳᠠᠭ ᠪᠠᠶᠢᠪᠠ ᠃ ᠲᠡᠷᠡ ᠨᠢ ᠰᠦᠮ᠎ᠡ ᠳᠤ ᠣᠯᠠᠨ ᠤᠳᠠᠭ᠎ᠠ ᠣᠴᠢᠵᠤ ᠳᠠᠭᠠᠳᠬᠠᠬᠤ ᠠᠴᠠ ᠪᠣᠯᠵᠤ ᠪᠤᠷᠬᠠᠨ ᠤ ᠢᠲᠡᠭᠡᠯ ᠢ ᠣᠯᠳᠠᠭ ᠭᠡᠰᠡᠨ ᠣᠶᠢᠯᠠᠭᠠᠯᠲᠠ ᠠᠴᠠ ᠪᠣᠯᠣᠭᠰᠠᠨ ᠶᠤᠮ ﹇4﹈ ᠃ ᠰᠤᠳᠤᠷ ᠡᠭᠦᠷᠴᠦ ᠭᠤᠷᠢᠶ᠎ᠠ ᠡᠷᠭᠢᠬᠦ ᠳᠠᠳᠬᠠᠯ ᠨᠢ ᠨᠢᠭᠡ ᠵᠦᠢᠯ ᠤᠨ ᠳᠣᠮ ᠰᠢᠪᠰᠢᠯᠭᠡ ᠶᠢᠨ ᠰᠢᠨᠵᠢ ᠲᠠᠢ ᠵᠠᠩ ᠦᠢᠯᠡ ᠪᠣᠯᠬᠤ ᠶᠤᠮ ᠃

ᠵᠢᠷᠤᠭ 7 ᠰᠤᠳᠤᠷ ᠡᠭᠦᠷᠴᠦ ᠰᠦᠮ᠎ᠡ ᠶᠢᠨ ᠭᠤᠷᠢᠶ᠎ᠠ ᠲᠣᠭᠤᠷᠢᠵᠤ ᠪᠠᠶᠢᠭ᠎ᠠ ᠮᠥᠷᠭᠦᠯᠴᠢᠨ ︵ᠵᠡᠭᠦᠨ ᠦᠵᠦᠮᠦᠴᠢᠨ ᠬᠤᠰᠢᠭᠤᠨ ᠤ ᠰᠢᠨ᠎ᠡ ᠰᠦᠮ᠎ᠡ︶

 

ᠣᠳᠣ ᠪᠠᠷᠠᠭᠤᠨ ᠦᠵᠦᠮᠦᠴᠢᠨ ᠬᠤᠰᠢᠭᠤᠨ ᠤ ᠰᠦᠮ᠎ᠡ ᠬᠡᠶᠢᠳ ᠤᠨ ᠭᠡᠭᠡᠳ ᠪᠦᠬᠦᠨ ᠢᠶᠠᠷ ᠢᠶᠠᠨ ᠪᠤᠷᠬᠠᠨ ᠪᠣᠯᠪᠠ ᠃ ᠰᠢᠨ᠎ᠡ ᠪᠠᠷ ᠭᠡᠭᠡᠨ ᠲᠣᠳᠣᠯᠠᠵᠤ ᠰᠦᠮ᠎ᠡ ᠳᠤ ᠨᠢ ᠵᠠᠯᠠᠭᠰᠠᠨ ᠶᠠᠪᠤᠳᠠᠯ ᠬᠠᠷᠠᠬᠠᠨ ᠭᠠᠷᠤᠭ᠎ᠠ ᠦᠭᠡᠢ ᠪᠠᠶᠢᠭᠰᠠᠭᠠᠷ ᠪᠠᠶᠢᠨ᠎ᠠ ᠃ ᠰᠦᠮ᠎ᠡ ᠶᠢᠨ ᠭᠡᠭᠡᠨ ᠢ ᠲᠣᠳᠣᠯᠠᠵᠤ ᠵᠠᠯᠠᠬᠤ ᠳᠤ ᠶᠠᠩᠵᠤ ᠪᠦᠷᠢ ᠶᠢᠨ ᠬᠦᠴᠢᠷ ᠲᠦᠪᠡᠭ ᠲᠠᠢ ᠭᠠᠷ ᠭᠦᠢᠴᠡᠳᠬᠡᠯ ᠪᠠᠶᠢᠳᠠᠭ ᠭᠡᠨ᠎ᠡ ᠃ ᠥᠩᠭᠡᠷᠡᠭᠰᠡᠨ ᠳᠤ ᠰᠢᠨ᠎ᠡ ᠭᠡᠭᠡᠨ ᠢ ᠲᠣᠳᠣᠯᠠᠬᠤ ᠳᠤ ᠲᠤᠰ ᠰᠦᠮ᠎ᠡ ᠶᠢᠨ ᠡᠪᠦᠭᠡᠨ ᠯᠠᠮᠠ ᠨᠠᠷ ᠲᠥᠪᠡᠳ ᠲᠤ ᠣᠴᠢᠵᠤ ᠪᠠᠨᠴᠢᠨ ᠪᠣᠭᠳᠠ ᠳᠤ ᠮᠥᠷᠭᠦᠵᠦ ᠰᠢᠨ᠎ᠡ ᠭᠡᠭᠡᠨ ᠢᠶᠠᠨ ᠲᠣᠳᠣᠯᠠᠭᠤᠯᠵᠤ ᠪᠠᠶᠢᠯ᠎ᠠ ᠭᠡᠳᠡᠭ ᠃ ᠣᠳᠣ ᠲᠥᠪ ᠬᠤᠷᠢᠶᠠᠨ ᠤ ᠵᠥᠪᠰᠢᠶᠡᠷᠡᠯ ᠬᠡᠷᠡᠭ ᠲᠠᠢ ᠪᠣᠯᠣᠭᠰᠠᠨ ᠪᠣᠯᠬᠤᠷ ᠣᠯᠠᠨ ᠰᠦᠮ᠎ᠡ ᠨᠦᠭᠦᠳ ᠰᠢᠨ᠎ᠡ ᠭᠡᠭᠡᠨ ᠢᠶᠠᠨ ᠲᠣᠳᠣᠯᠠᠭᠤᠯᠤᠭ᠎ᠠ ᠦᠭᠡᠢ ᠪᠠᠶᠢᠭᠰᠠᠭᠠᠷ ᠪᠠᠶᠢᠨ᠎ᠠ ᠃ ᠡᠳᠡᠭᠡᠷ ᠪᠠᠶᠢᠳᠠᠯ ᠨᠢ ᠦᠵᠦᠮᠦᠴᠢᠨ ᠤ ᠰᠦᠮ᠎ᠡ ᠬᠡᠶᠢᠳ ᠤᠨ ᠰᠣᠶᠣᠯ ᠤᠨ ᠬᠤᠪᠢᠰᠬᠠᠯ ᠤᠨ ᠦᠶ᠎ᠡ ᠳᠤ ᠠᠮᠰᠠᠭᠰᠠᠨ ᠬᠤᠣᠷ ᠬᠥᠨᠥᠭᠡᠯ ᠤᠨ ᠰᠢᠷᠬ᠎ᠠ ᠰᠣᠷᠪᠢ ᠬᠠᠷᠠᠬᠠᠨ ᠡᠳᠡᠭᠡᠷᠡᠭᠡ ᠦᠭᠡᠢ ᠪᠠᠶᠢᠭᠰᠠᠭᠠᠷ ᠪᠠᠶᠢᠭ᠎ᠠ ᠶᠢ ᠲᠤᠰᠬᠠᠵᠤ ᠪᠠᠶᠢᠭ᠎ᠠ ᠶᠤᠮ ᠃


ᠪᠣᠷᠵᠢᠭᠢᠨ ᠨ᠊ ᠂ ᠤᠷᠲᠤᠨᠠᠰᠤᠲᠤ
1968 ᠣᠨ ᠳᠤ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠳᠤ ᠲᠥᠷᠥᠪᠡ ᠃ 1990.7 ᠰᠠᠷ᠎ᠠ ᠳᠤ ᠰᠢᠯᠢ ᠶᠢᠨ ᠭᠤᠣᠯ ᠠᠶᠢᠮᠠᠭ ᠤᠨ ᠮᠣᠩᠭᠤᠯ ᠪᠠᠭᠰᠢ ᠶᠢᠨ ᠰᠤᠷᠭᠠᠭᠤᠯᠢ ᠲᠡᠭᠦᠰᠪᠡ ᠃ 1992.9-1995.7 ᠰᠠᠷ᠎ᠠ ᠳᠤ ᠪᠡᠭᠡᠵᠢᠩ ᠭᠠᠳᠠᠭᠠᠳᠤ ᠬᠡᠯᠡᠨ ᠤ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠰᠠᠯᠪᠤᠷᠢ ᠳᠤ ᠰᠤᠷᠤᠯᠴᠠᠪᠠ ᠃ 2001.3 ᠰᠠᠷ᠎ᠠ ᠳᠤ ᠤᠤᠰᠠᠺᠠ ᠭᠠᠳᠠᠭᠠᠳᠤ ᠬᠡᠯᠡᠨ ᠤ ᠶᠡᠭᠡ ᠰᠤᠷᠭᠠᠭᠤᠯᠢ ᠶᠢᠨ ᠶᠠᠫᠤᠨ ᠬᠡᠯᠡᠨ ᠤ ᠰᠠᠯᠪᠤᠷᠢ ᠲᠡᠭᠦᠰᠪᠡ ᠃ 2003.3 ᠰᠠᠷ᠎ᠠ ᠳᠤ ᠴᠢᠪᠠ ᠶᠡᠭᠡ ᠰᠤᠷᠭᠠᠭᠤᠯᠢ ᠶᠢᠨ ᠤᠳᠬ᠎ᠠ ᠵᠣᠬᠢᠶᠠᠯ ᠰᠤᠳᠤᠯᠬᠤ ᠬᠦᠷᠢᠶᠡᠯᠡᠩ ᠳᠤ ᠵᠠᠩ ᠦᠢᠯᠡ ᠰᠤᠳᠤᠯᠤᠯ ᠤᠨ ᠴᠢᠭᠯᠡᠯ ᠢᠶᠠᠷ ᠮᠠᠰᠲ᠋ᠧᠷ ᠴᠣᠯᠠ ᠬᠠᠮᠠᠭᠠᠯᠠᠪᠠ ᠃ 2007.3 ᠰᠠᠷ᠎ᠠ ᠳᠤ ᠴᠢᠪᠠ ᠶᠡᠭᠡ ᠰᠤᠷᠭᠠᠭᠤᠯᠢ ᠶᠢᠨ ᠨᠡᠶᠢᠭᠡᠮ ᠤᠨ ᠰᠣᠶᠣᠯ ᠰᠢᠨᠵᠢᠯᠡᠬᠦ ᠤᠬᠠᠭᠠᠨ ᠰᠤᠳᠤᠯᠬᠤ ᠬᠦᠷᠢᠶᠡᠯᠡᠩ ᠳᠤ ᠰᠣᠶᠣᠯ ᠤᠨ ᠬᠥᠮᠥᠨ ᠰᠤᠳᠤᠯᠤᠯ ᠤᠨ ᠴᠢᠭᠯᠡᠯ ᠢᠶᠠᠷ ᠳ᠋ᠣᠺᠲ᠋ᠣᠷ ᠴᠣᠯᠠ ᠬᠠᠮᠠᠭᠠᠯᠠᠪᠠ ᠃ 2007.4-2008.3 ᠰᠠᠷ᠎ᠠ ᠳᠤ ᠲᠣᠣᠺᠢᠤ᠋ ᠶᠡᠭᠡ ᠰᠤᠷᠭᠠᠭᠤᠯᠢ ᠶᠢᠨ ᠳᠣᠷᠣᠨᠠᠳᠠᠬᠢᠨ ᠤ ᠰᠣᠶᠣᠯ ᠰᠤᠳᠤᠯᠭᠠᠨ ᠤ ᠬᠦᠷᠢᠶᠡᠯᠡᠩ ᠳᠤ ᠫᠣᠰᠲ ᠳ᠋ᠣᠺᠲ᠋ᠣᠷ ᠢᠶᠠᠷ ᠰᠤᠳᠤᠯᠭᠠᠨ ᠬᠢᠪᠡ ᠃ᠣᠳᠣ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠳᠤ ᠳᠡᠳ᠋ ᠫᠷᠤᠹᠧᠰᠰᠤᠷ ᠢᠶᠠᠷ ᠠᠵᠢᠯᠯᠠᠵᠤ ᠂ ︽ᠮᠣᠩᠭᠤᠯ ᠦᠨᠳᠦᠰᠦᠲᠡᠨ ᠤ ᠵᠠᠩ ᠦᠢᠯᠡ ᠰᠤᠳᠤᠯᠤᠯ︾ ᠂ ︽ᠨᠡᠭᠦᠳᠡᠯ ᠪᠣᠯᠪᠠᠰᠤᠨ ᠤ ᠤᠳᠤᠷᠢᠳᠬᠠᠯ︾ ᠂ ︽ᠮᠦᠽᠧᠢ ᠰᠤᠳᠤᠯᠤᠯ︾ ᠂ ︽ᠤᠮᠠᠷᠠᠲᠤ ᠶᠢᠨ ᠦᠨᠳᠦᠰᠦᠲᠡᠨ ᠤ ᠰᠤᠳᠤᠯᠤᠯ︾ ᠂ ︽ᠰᠣᠶᠣᠯ ᠤᠨ ᠬᠥᠮᠥᠨ ᠰᠤᠳᠤᠯᠤᠯ ᠤᠨ ᠠᠷᠭ᠎ᠠ︾ ᠵᠡᠷᠭᠡ ᠬᠢᠴᠢᠶᠡᠯ ᠬᠥᠮᠥᠵᠢᠯ ᠤᠨ ᠠᠵᠢᠯ ᠬᠢᠵᠦ ᠪᠣᠢ ᠃ ᠶᠠᠫᠤᠨ ᠤᠯᠤᠰ ᠤᠨ ᠶᠠᠫᠤᠨ ᠮᠣᠩᠭᠤᠯ ᠰᠤᠳᠤᠯᠤᠯ ᠤᠨ ᠨᠡᠶᠢᠭᠡᠮᠯᠢᠭ ᠤᠨ ᠭᠡᠰᠢᠭᠦᠨ ᠂ ᠶᠠᠫᠤᠨ ᠤᠯᠤᠰ ᠤᠨ ᠵᠠᠩ ᠦᠢᠯᠡ ᠰᠤᠳᠤᠯᠬᠤ ᠨᠡᠶᠢᠭᠡᠮᠯᠢᠭ ᠤᠨ ᠭᠡᠰᠢᠭᠦᠨ ᠂ ᠶᠠᠫᠤᠨ ᠤᠯᠤᠰ ᠤᠨ ᠺᠠᠨᠰᠠᠢ ᠢᠷᠠᠭᠤ ᠨᠠᠶᠢᠷᠠᠭᠴᠢᠳ ᠤᠨ ᠨᠡᠶᠢᠭᠡᠮᠯᠢᠭ ᠤᠨ ᠭᠡᠰᠢᠭᠦᠨ ᠂ ᠥᠪᠥᠷ ᠮᠣᠩᠭᠤᠯ ᠤᠨ ᠵᠠᠩ ᠦᠢᠯᠡ ᠰᠤᠳᠤᠯᠬᠤ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠵᠡᠷᠭᠡ ᠨᠡᠶᠢᠭᠡᠮ ᠤᠨ ᠲᠤᠰᠢᠶᠠᠯ ᠲᠠᠢ ᠃ ᠮᠣᠩᠭᠤᠯ ᠶᠠᠫᠤᠨ ᠬᠡᠯᠡ ᠪᠠᠷ ᠭᠤᠴᠢ ᠭᠠᠷᠤᠢ ᠡᠷᠳᠡᠮ ᠰᠢᠨᠵᠢᠯᠡᠭᠡᠨ ᠤ ᠥᠭᠦᠯᠡᠯ ᠨᠡᠶᠢᠲᠡᠯᠡᠭᠦᠯᠪᠡ ᠃ ︽ᠰᠠᠯᠬᠢᠨ ᠤ ᠳᠡᠯ︾ ︵1999︶ ᠪᠣᠯᠣᠨ ︽ᠵᠡᠭᠦᠳᠦᠨ ᠤ ᠳᠡᠯ︾ ︵2000︶ ᠬᠡᠮᠡᠬᠦ ᠶᠠᠫᠤᠨ ᠬᠡᠯᠡᠨ ᠤ ᠢᠵᠢ ᠬᠤᠶᠠᠷ ᠰᠢᠯᠦᠭ ᠤᠨ ᠲᠡᠭᠦᠪᠦᠷᠢ ᠬᠡᠪᠯᠡᠭᠦᠯᠪᠡ ᠃ 2012 ᠣᠨ ᠳᠤ ︽ᠮᠣᠩᠭᠤᠯ ᠤᠨ ᠪᠥᠭᠡ ᠮᠥᠷᠭᠦᠯ ᠤᠨ ᠲᠠᠶᠢᠯᠭ᠎ᠠ ᠲᠠᠬᠢᠯᠭ᠎ᠠ ᠶᠢᠨ ᠰᠤᠳᠤᠯᠤᠯ︾ ︵4 ᠪᠣᠳᠢ ᠂ ᠭᠧᠷᠮᠠᠨ ᠤ ᠣᠯᠠᠨ ᠤᠯᠤᠰ ᠤᠨ ᠮᠣᠩᠭᠤᠯ ᠺᠢᠨᠣ᠋ ᠴᠢᠭᠤᠯᠭᠠᠨ ᠬᠡᠪᠯᠡᠯ ᠤᠨ ᠨᠡᠶᠢᠭᠡᠮᠯᠢᠭ ᠠᠴᠠ ᠬᠡᠪᠯᠡᠭᠦᠯᠪᠡ︶ ᠢ ᠭᠤᠣᠯᠯᠠᠨ ᠨᠠᠶᠢᠷᠠᠭᠤᠯᠪᠠ ᠃

2017-07-05 15:38:54         中华人民共和国民族     浏览量:845
2017-07-05 15:38:54     A Qitai     China    Pageviews:845
2017-07-05 15:38:54     Ачтай     Хятад улс    Pageviews:845
上一篇:
下一篇:
ᠯᠠᠪᠯᠠᠯᠲᠠ ᠪᠣᠯᠭᠠᠮᠤ 相关资料仅供参考Зөвхөн лавлалт болгому Reference
申请链接
暂无相关参考!
手机号:
验证码:

标题:
电话:
备注:
×
ᠬᠠᠷᠢᠯᠴᠠᠬᠤ ᠤᠲᠠᠰᠤ 联系电话:
18516170412(巴总)
13354896038(包总)
ᠸᠢᠴᠠᠲ 扫描二维码
蒙ICP备15000708号-1  阿启泰科技版权所有   
×